ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠠᠯᠪᠠᠨ ᠵᠢᠷᠦᠮ ᠤᠨ ᠡᠮᠴᠢᠯᠡᠬᠡᠨ ᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/3/5
        ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠦᠨᠳᠤᠰᠤᠨ ᠱᠠᠳᠤᠨ ᠳᠤ ᠬᠦᠷᠭᠡᠵᠤ᠂ ᠤᠯᠠᠨ ᠲᠦᠮᠡᠨ ᠤ ᠡᠮᠴᠢᠯᠡᠬᠦᠯᠬᠦ ᠳᠤ ᠬᠦᠴᠢᠷ ᠠᠰᠠᠭᠤᠳᠠᠯ ᠢ ᠦᠨᠡᠨ ᠬᠦ ᠰᠶᠢᠳᠪᠦᠷᠢᠯᠡᠬᠦ ᠶᠢᠨ ᠲᠦᠯᠦᠬᠡ᠂ ᠤᠶᠢᠷ᠎ᠠ ᠳᠤ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠢᠯᠡᠯᠳᠡ ᠬᠤᠪᠢᠶᠠᠷᠢ ᠬᠤᠷᠢᠶ᠎ᠠ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠰᠢᠬᠡᠰᠦ ᠱᠦᠬᠦᠷᠡᠬᠦᠯᠬᠦ ᠭᠠᠳᠠᠷ ᠰᠠᠯᠠᠭ᠎ᠠ ᠶᠢᠨ ᠡᠮᠴᠢᠯᠡᠬᠡᠨ ᠤ ᠠᠵᠢᠯᠳᠠᠳ ᠬᠠᠮᠳᠤᠪᠡᠷ ᠢᠯᠡᠯᠳᠡ ᠬᠤᠪᠢᠶᠠᠷᠢ ᠬᠤᠷᠢᠶᠠᠨ ᠳᠤ ᠠᠯᠪᠠᠨ ᠵᠢᠷᠦᠮ ᠤᠨ ᠡᠮᠴᠢᠯᠡᠭᠡ ᠬᠢᠵᠡᠢ᠃        ᠠᠵᠢᠯᠯᠠᠭ᠎ᠠ ᠳᠤ᠂ ᠲᠤᠰᠬᠠᠢ ᠮᠡᠷᠬᠡᠵᠢᠯᠳᠡᠨ ᠨᠠᠷ ᠡᠮᠴᠢᠯᠡᠬᠦᠯᠬᠦ ᠪᠠᠷ ᠢᠷᠡᠭᠰᠡᠨ ᠤᠯᠠᠨ ᠲᠦᠮᠡᠨ ᠤ ᠡᠷᠡᠬᠦᠯ ᠮᠡᠨᠳᠤ ᠶᠢᠨ ᠳᠤᠬᠠᠢ ᠠᠰᠠᠭᠤᠯᠳᠠ ᠶᠢ ᠨᠠᠷᠢᠯᠢᠭ ᠬᠠᠷᠢᠭᠤᠯᠵᠦ ᠦᠭᠬᠦᠭᠰᠡᠨ ᠪᠦᠭᠡᠳ ᠡᠷᠡᠬᠦᠯ ᠮᠡᠨᠳᠤ ᠶᠢᠨ ᠪᠠᠶᠢᠴᠠᠭᠠᠯᠳᠠ ᠬᠢᠵᠦ ᠦᠭᠴᠡᠢ᠃ ᠲᠤᠰ ᠤᠳᠠᠭᠠᠨ ᠤ ᠠᠯᠪᠠᠨ ᠵᠢᠷᠦᠮ ᠤᠨ ᠡᠮᠴᠢᠯᠡᠬᠡᠨ ᠤ ᠠᠵᠢᠯᠯᠠᠭ᠎ᠠ ᠨᠢ ᠭᠤᠴᠢᠭᠠᠳ ᠬᠦᠮᠦᠨ ᠳᠤ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠦ᠂ ᠤᠬᠠᠭᠤᠯᠭ᠎ᠠ ᠶᠢᠨ ᠬᠠᠭᠤᠳᠠᠰᠦ ᠶᠢ 30 ᠭᠠᠷᠦᠢ ᠬᠤᠪᠢ ᠲᠠᠷᠬᠠᠭᠠᠵᠠᠢ᠃        ᠲᠤᠰ ᠤᠳᠠᠭᠠᠨ ᠤ ᠠᠯᠪᠠᠨ ᠵᠢᠷᠦᠮ ᠤᠨ ᠠᠵᠢᠯᠯᠠᠭ᠎ᠠ ᠪᠠᠷ ᠲᠠᠮᠵᠢᠭᠤᠯᠤᠨ᠂ ᠦᠨᠳᠦᠰᠦᠨ ᠱᠠᠳᠦᠨ ᠤ ᠤᠯᠠᠨ ᠲᠦᠮᠡᠨ ᠳᠤ ᠲᠦᠬᠦᠮ᠂ ᠰᠢᠯᠢᠳᠡᠭ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠦ᠂ ᠦᠨᠳᠦᠰᠦᠨ ᠱᠠᠳᠦᠨ ᠤ ᠤᠯᠠᠨ ᠲᠦᠮᠡᠨ ᠤ ᠰᠢᠬᠡᠰᠦ ᠱᠦᠬᠦᠷᠡᠬᠦᠯᠬᠦ ᠰᠢᠰᠲ᠋ᠧᠮ ᠤᠨ ᠡᠪᠡᠳᠴᠢᠨ ᠤ ᠲᠤᠬᠠᠢ ᠲᠠᠨᠢᠯᠳᠠ ᠶᠢ ᠲᠡᠭᠡᠭᠰᠢᠯᠡᠬᠦᠯᠬᠦ ᠵᠤᠷᠢᠯᠭ᠎ᠠ ᠳᠠᠭᠠᠨ ᠬᠦᠷᠴᠦ ᠴᠢᠳᠠᠭᠰᠠᠨ ᠪᠠᠶᠢᠨ᠎ᠠ᠃ ᠯᠢᠤ ᠶᠤᠸᠠᠨ ᠴᠦᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号