ᠢᠦᠢ ᠵᠢᠢ ᠱᠦᠨ ᠤᠯᠠᠭᠠᠨᠬᠤᠲᠠ ᠳᠤ ᠰᠢᠨᠵᠢᠯᠡᠨ ᠪᠠᠶᠢᠴᠠᠭᠠᠯᠳᠠ ᠬᠢᠵᠠᠢ
ᠨᠡᠶᠢᠲᠡᠯᠡᠭᠰᠡᠨ ᠴᠠᠭ᠄
2025/3/5
        2 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠢ ᠱᠦᠨ ᠤᠯᠠᠭᠠᠨᠬᠤᠳᠠ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠪᠤᠯᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠲᠤᠬᠠᠢ ᠰᠢᠨᠵᠢᠯᠡᠨ ᠪᠠᠶᠢᠴᠠᠭᠠᠯᠳᠠ ᠬᠢᠪᠡ᠃        ᠤᠯᠠᠭᠠᠨᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠳᠤ᠂ ᠢᠦᠶ ᠵᠢᠶ ᠱᠦᠨ ᠭᠠᠯ ᠰᠠᠷᠬᠡᠶᠢᠯᠠᠵᠥ ᠤᠨᠲᠠᠷᠠᠭᠠᠬᠤ ᠶᠢ ᠡᠵᠡᠮᠰᠢᠬᠦ ᠲᠠᠰᠤᠭ ᠲᠤ ᠣᠷᠣᠵᠤ᠂ ᠡᠮᠨᠡᠯᠭᠡ ᠶᠢᠨ ᠬᠤᠷᠢᠶᠠᠨ ᠤ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠵᠡᠷᠭᠡ ᠪᠠᠶᠢᠳᠠᠯ ᠢ ᠱᠠᠯᠠᠪᠳᠠᠭᠤᠯᠤᠨ ᠵᠢᠯᠤᠭᠤᠳᠴᠦ ᠪᠠᠶᠢᠴᠠᠭᠠᠯᠳᠠ ᠬᠢᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠨᠠᠭᠰᠢᠳᠠ ᠵᠢᠷᠤᠮᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠦ ᠲᠤᠭᠤᠷᠢᠨ ᠪᠠᠶᠢᠴᠠᠭᠠᠯᠳᠠ ᠬᠢᠬᠦ ᠦᠶ᠎ᠡ ᠳᠤ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠦ᠂ ᠭᠡᠮ ᠰᠣᠭᠤᠭ ᠢ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠣᠯᠤᠨ ᠲᠤᠬᠠᠶᠢᠯᠠᠭᠰᠠᠨ ᠠᠵᠢᠯ ᠬᠢᠭᠰᠡᠳ ᠤᠨ ᠠᠮᠤᠷ ᠲᠦᠪᠰᠢᠨ ᠤ ᠬᠠᠷᠢᠭᠤᠴᠠᠯᠭ᠎ᠠ᠂ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠶᠡᠬᠡᠪᠡᠷ ᠠᠬᠢᠭᠤᠯᠵᠤ᠂ ᠬᠦᠨᠳᠦ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠪᠦᠳᠦᠮᠵᠢᠳᠡᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃        ᠢᠦᠢ ᠵᠢᠢ ᠱᠦᠨ ᠪᠠᠰᠠ ᠬᠤᠸᠠ ᠷᠦᠨ ᠰᠢᠤᠸᠠᠢ ᠬᠤᠸᠠ ᠫᠢᠸᠤ᠋ ︵ᠬᠢᠩᠭᠠᠨ︶ ᠶᠢᠨ ᠬᠢᠵᠠᠭᠠᠷᠲᠤ ᠺᠣᠮᠫᠠᠨᠢ ᠂ ᠳ᠋ᠢᠩ ᠳ᠋ᠠ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠵᠢᠶᠠ ᠶᠣᠣ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ᠂ ᠱᠠᠩᠬᠠᠢ ᠶᠢᠨ ᠬᠤᠩ ᠰᠢᠩ ᠮᠧᠢ ᠺᠠᠢ ᠯᠦᠩ ᠲᠦᠷᠦᠯ ᠲᠡᠮᠳᠡᠭ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠤᠯᠠᠭᠠᠨᠬᠤᠲᠠ ᠳᠠᠬᠢ ᠬᠤᠪᠢᠶᠠᠷᠢ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠡᠯ᠎ᠡ ᠠᠵᠤ ᠠᠬᠤᠶᠢᠯᠠᠯ ᠪᠣᠯᠤᠨ ᠠᠵᠤ ᠠᠬᠤᠶᠢᠯᠠᠯᠲᠠᠳ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠦᠢᠯᠡᠳᠬᠦᠨ ᠤ ᠪᠦᠲᠦᠴᠡ ᠪᠣᠯᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠤᠬᠢᠷᠠᠭᠤᠯᠤᠨ ᠰᠢᠯᠢᠳᠡᠭᠵᠢᠬᠦᠯᠬᠦ ᠶᠢ ᠲᠦᠷᠭᠡᠳᠭᠡᠵᠦ᠂ ᠰᠢᠨ᠎ᠡ ᠦᠢᠯᠡᠳᠬᠦᠨ ᠤ ᠲᠡᠰ ᠳᠡᠪᠰᠢᠬᠦ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠤᠳᠠᠰ ᠤᠨ ᠭᠦᠢᠯᠭᠡᠭᠡ ᠵᠡᠷᠭᠡ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠵᠤ᠂ ᠨᠡᠩ ᠶᠡᠭᠡ ᠬᠥᠭᠵᠢᠯᠲᠡ ᠶᠢᠨ ᠣᠷᠣᠨ ᠵᠠᠢ ᠶᠢ ᠲᠡᠮᠡᠴᠡᠨ ᠤᠯᠬᠤ ᠬᠡᠷᠡᠭᠲᠡᠢ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ︽ᠨᠢᠭᠡ ᠠᠵᠤ ᠠᠬᠤᠶᠢᠯᠠᠯ ᠳᠤ ᠨᠢᠭᠡ ᠪᠤᠳᠤᠯᠭ᠎ᠠ︾ ᠪᠠᠷ ᠤᠨᠢᠨ ᠳᠡᠭᠡᠷ᠎ᠡ ᠨᠢ ᠦᠢᠯᠡᠴᠢᠯᠡᠬᠦ ᠶᠢ ᠨᠠᠶᠢᠳᠠᠪᠤᠷᠢᠵᠢᠭᠤᠯᠵᠦ᠂ ᠲᠦᠷᠦ ᠶᠢᠨ ᠪᠤᠳᠤᠯᠭ᠎ᠠ ᠶᠢᠨ ᠳᠡᠮᠵᠢᠯᠭᠡ᠂ ᠡᠯᠧᠮᠧᠨ᠋ᠲ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠨᠡᠬᠡᠬᠡᠯᠳᠡ ᠵᠡᠷᠭᠡ ᠲᠠᠯ᠎ᠠ ᠪᠠᠷ ᠪᠦᠬᠦ ᠲᠠᠯ᠎ᠠ ᠶᠢᠨ ᠳᠡᠮᠵᠢᠯᠭᠡ ᠦᠵᠡᠭᠦᠯᠵᠦ᠂ ᠠᠵᠤ ᠠᠬᠤᠶᠢᠯᠠᠯ ᠤᠨ ᠬᠤᠷᠴᠠ ᠰᠢᠷᠦᠭᠦᠨ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ ᠠᠵᠠ ᠵᠠᠪᠰᠢᠶᠠᠨ ᠢ ᠠᠮᠵᠢᠵᠦ᠂ ᠰᠠᠨᠠᠭᠠᠴᠢᠯᠠᠭᠠᠲᠤ ᠡᠷᠬᠡ ᠶᠢ ᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号