| | 3 ᠰᠠᠷ᠎ᠠ ᠶᠢᠨ 3 ᠤ ᠡᠳᠦᠷ᠂ ᠤᠯᠠᠭᠠᠨᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2025 | ᠣᠨ ᠤ ᠨᠢᠭᠡᠳᠦᠭᠡᠷ ᠤᠯᠠᠷᠢᠯ ᠤᠨ ᠬᠤᠷᠠᠯ ᠬᠤᠷᠠᠯᠳᠤᠭᠤᠯᠵᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠵᠦ᠂ ᠤᠯᠠᠭᠠᠨᠬᠤᠲᠠ ᠶᠢᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠡᠯ᠎ᠡ ᠭᠡᠰᠢᠭᠦᠨ ᠨᠢᠭᠡᠴᠢ᠂ ᠡᠯ᠎ᠡ ᠪᠠᠯᠭᠠᠰᠤ ᠵᠡᠭᠡᠯᠢ ︵ᠬᠦᠷᠢᠶᠡᠯᠡᠩ ᠲᠣᠭᠤᠷᠢᠭ︶ | ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ᠂ ᠡᠨᠡ ᠵᠢᠯ ᠪᠣᠯ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠣᠯᠤᠨ᠎ᠠ᠂ ᠡᠯ᠎ᠡ | ᠰᠠᠯᠠᠭ᠎ᠠ ᠮᠥᠴᠢᠷ ᠪᠠᠶᠢᠭᠤᠯᠭ᠎ᠠ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠡᠯ᠎ᠡ ᠱᠠᠲᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ | ᠶᠣᠰᠣᠭᠠᠷ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ | ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠲᠠᠰᠤᠷᠠᠯᠳᠠ ᠦᠭᠡᠢ ᠪᠣᠳᠠᠲᠠᠶᠢᠵᠢᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ | ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ | ᠬᠦᠷᠢᠶᠡᠨ ᠤ ᠠᠮᠤᠷ ᠲᠦᠪᠰᠢᠨ ᠤ ᠪᠠᠶᠢᠳᠠᠯ ᠢ ᠴᠢᠩᠭ᠎ᠠ ᠠᠩᠬᠠᠷᠴᠤ᠂ ︽ᠭᠤᠷᠪᠠ ᠶᠢ ᠬᠠᠮᠢᠶᠠᠷᠴᠤ ᠭᠤᠷᠪᠠ ᠶᠢ | ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠲᠦᠷᠦᠯ ᠤᠨ ᠬᠦᠷᠢᠶᠡᠨ ᠳᠠᠬᠢ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠪᠣᠯᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠢ ᠰᠠᠶᠢᠲᠤᠷ ᠠᠳᠬᠤᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠪᠠᠷᠢᠯᠭ᠎ᠠ ᠶᠢᠨ ᠳᠤᠯᠠᠭᠠᠨ ᠢ | ᠬᠠᠮᠠᠭᠠᠯᠠᠬᠤ ᠮᠠᠲ᠋ᠧᠷᠢᠶᠠᠯ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ ᠭᠠᠯ ᠨᠣᠴᠣᠭᠠᠬᠤ ᠵᠡᠷᠭᠡ ︽ᠨᠢᠭᠡ ᠶᠠᠪᠤᠳᠠᠯ | ︾ ᠢ ᠪᠦᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠬᠤᠳᠠ ᠶᠢᠨ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠪᠣᠯᠤᠨ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠥᠪᠡᠷ ᠢ ᠪᠠᠨ ᠬᠢᠨᠠᠨ ᠬᠠᠮᠢᠶᠠᠷᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠵᠤ᠂ ᠳᠤᠷ᠎ᠠ ᠪᠠᠷ ᠢᠶᠠᠨ ᠪᠠᠶᠢᠴᠠᠭᠠᠬᠤ ᠶᠢ | ᠡᠷᠡᠰ ᠬᠤᠷᠢᠭᠯᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠢ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢ ᠪᠠᠷᠢᠮᠲᠠᠯᠠᠵᠤ᠂ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ | ᠦᠨᠡᠨ ᠬᠦ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠭᠤᠣᠯᠳᠠᠯᠭ᠎ᠠ ᠲᠠᠢ ᠬᠦᠷᠢᠶᠡᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠡ᠊ᠡᠳᠡᠯ ᠭᠠᠷᠬᠤ ᠦᠶ᠎ᠡ ᠳᠤ ᠲᠦᠷᠭᠡᠨ ᠪᠥᠭᠡᠳ | ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠬᠥᠮᠦᠨ ᠤ ᠦᠬᠦᠯ ᠰᠢᠷᠬᠠᠲᠤᠯ ᠪᠠ ᠡᠳ᠋ | ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ | ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ ᠪᠦᠬᠦ ᠠᠷᠠᠳ ᠤᠨ ᠠᠶᠤᠯᠭᠦᠢ | ᠦᠢᠯᠡᠳᠪᠦᠷᠢᠯᠡᠯ ᠵᠢᠴᠢ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠤᠬᠠᠮᠰᠠᠷ ᠢ | ᠴᠢᠩᠭᠠᠳᠬᠠᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ | ᠠᠷᠭᠠᠴᠠᠭᠠᠵᠤ ᠴᠢᠳᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ | ᠭᠡᠵᠦ ᠴᠢᠬᠤᠯᠠᠴᠢᠯᠠᠵᠠᠢ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ | ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠤᠯᠠᠭᠠᠨᠬᠤᠲᠠ ᠶᠢᠨ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ 2025 ᠣᠨ ᠤ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠶᠢᠨ ᠲᠥᠯᠥᠪᠯᠡᠭᠡ︾ ᠶᠢ ᠬᠢᠨᠠᠨ ᠵᠥᠪᠯᠡᠵᠦ ᠪᠠᠲᠤᠯᠠᠪᠠ᠃ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | | | | |