| ᠡᠨᠡ ᠬᠡᠳᠦᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠱᠸᠡᠭᠯᠢ ᠵᠡᠬᠡᠯᠢ ᠶᠢᠨ ᠬᠡᠷᠡᠭ ᠡᠷᠬᠢᠯᠡᠬᠦ ᠭᠠᠵᠠᠷ | ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠪᠠᠷ ᠭᠤᠤᠯ ᠰᠢᠵᠢᠮ | ᠪᠤᠯᠭᠠᠵᠦ᠂ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢ ᠵᠢᠷᠤᠮᠯᠠᠵᠦ᠂ ᠬᠠᠮᠳᠤᠪᠡᠷ | ᠰᠤᠷᠤᠯᠴᠠᠬᠤ ᠶᠢ ᠬᠦᠳᠦᠯᠦᠨ ᠵᠢᠯᠤᠭᠤᠳᠬᠤ᠂ ᠰᠤᠶᠤᠯ ᠢ ᠬᠠᠮᠳᠤᠪᠡᠷ ᠡᠳ᠋ᠯᠡᠬᠦ᠂ ᠤᠷᠤᠯᠭ᠎ᠠ ᠪᠠᠨ ᠨᠡᠮᠡᠭᠳᠡᠬᠦᠯᠵᠦ | ᠬᠠᠮᠳᠦᠪᠡᠷ ᠪᠠᠶᠠᠵᠢᠬᠤ᠂ ᠬᠠᠮᠳᠤᠪᠡᠷ ᠵᠠᠰᠠᠬᠤ᠂ ᠬᠠᠮᠳᠤᠪᠡᠷ ᠠᠮᠦᠷ ᠲᠤᠬᠳᠠᠭᠤᠨ ᠢ ᠪᠠᠳᠦᠯᠠᠬᠤ ᠶᠢ ᠪᠠᠷᠢᠮᠳᠠᠯᠠᠵᠦ᠂ | ᠡᠯ᠎ᠡ ᠦᠨᠳᠦᠰᠦᠳᠡᠨ ᠤ ᠤᠯᠠᠨ ᠲᠦᠮᠡᠨ ᠠᠨᠠᠷ ᠤᠨ ᠦᠷ᠎ᠡ ᠮᠡᠳᠦ ᠪᠦᠯᠬᠦᠮᠳᠡᠨ ᠨᠢᠬᠳᠠᠷᠠᠵᠦ ᠪᠤᠢ᠃ | ᠱᠸᠡᠭᠯᠢ ᠵᠡᠬᠡᠯᠢ ᠶᠢᠨ ᠬᠡᠷᠡᠭ ᠡᠷᠬᠢᠯᠡᠬᠦ ᠭᠠᠵᠠᠷ ᠤᠨ ᠠᠨ ᠵᠢᠤᠢ ᠨᠡᠶᠢᠬᠡᠮ ᠲᠤᠭᠤᠷᠢᠭ ᠤᠨ ᠨᠠᠮ ᠤᠨ | ᠬᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠲᠤ ᠴᠠᠢ ᠶᠢᠨ ᠤᠷᠠᠯᠢᠭ ᠤᠨ ᠬᠢᠴᠢᠶᠡᠯ᠂ ᠶᠠᠳᠤᠭ᠎ᠠ ᠶᠢᠨ | ᠬᠢᠴᠢᠶᠡᠯ ᠪᠠ ᠪᠦᠵᠢᠭ ᠤᠨ ᠬᠢᠴᠢᠶᠡᠯ ᠵᠡᠷᠭᠡ ᠡᠯᠪᠡᠭ ᠠᠭᠤᠯᠭ᠎ᠠ ᠲᠠᠢ ᠨᠡᠶᠢᠳᠡ ᠶᠢᠨ ᠠᠰᠠᠷᠠᠮᠵᠢ ᠶᠢᠨ ᠬᠢᠴᠢᠶᠡᠯ | ᠦᠷᠨᠢᠬᠦᠯᠵᠦ ᠪᠠᠶᠢᠭᠰᠠᠨ ᠨᠢ ᠰᠠᠭᠤᠭᠠᠯᠢ ᠠᠷᠠᠳ ᠤᠨ ᠰᠤᠨᠢᠷᠬᠠᠯ ᠢ ᠤᠨᠴᠠᠭᠠᠢ ᠲᠠᠳᠠᠵᠦ ᠪᠠᠶᠢᠯ᠎ᠠ᠃ ᠡᠯ᠎ᠡ | ᠦᠨᠳᠦᠰᠦᠳᠡᠨ ᠤ ᠤᠯᠠᠨ ᠲᠦᠮᠡᠨ ᠤ ᠰᠤᠶᠤᠯ ᠤᠨ ᠱᠠᠭᠠᠷᠳᠠᠯᠭ᠎ᠠ ᠶᠢ ᠬᠠᠨᠭ᠍ᠭᠠᠬᠤ ᠶᠢᠨ ᠲᠦᠯᠦᠬᠡ᠂ ᠲᠤᠰ ᠵᠡᠬᠡᠯᠢ ᠶᠢᠨ | ᠬᠡᠷᠡᠭ ᠡᠷᠬᠢᠯᠡᠬᠦ ᠭᠠᠵᠠᠷ ᠨᠢ ᠨᠡᠶᠢᠬᠡᠮ ᠲᠤᠭᠤᠷᠢᠭ ᠤᠨ 1500 ᠭᠠᠷᠦᠢ ᠲᠡᠭᠰᠢ ᠲᠦᠷᠪᠡᠯᠵᠢᠨ ᠮᠧᠳ᠋ᠷ ᠤᠨ | ᠬᠦᠳᠡᠯᠬᠡᠬᠡᠨ ᠤ ᠦᠷᠦᠬᠡᠨ ᠳᠤ ᠠᠨᠠᠷ ᠤᠨ ᠦᠷ᠎ᠡ ᠪᠦᠵᠢᠭ ᠤᠨ ᠲᠠᠰᠤᠭ᠂ ᠤᠷᠠᠨ ᠪᠢᠴᠢᠯᠬᠡ ᠤᠷᠠᠨ ᠵᠢᠷᠤᠭ ᠤᠨ | ᠲᠠᠰᠤᠭ ᠪᠠ ᠪᠡᠶ᠎ᠡ ᠲᠠᠮᠢᠷ ᠤᠨ ᠬᠦᠳᠡᠯᠬᠡᠬᠡᠨ ᠤ ᠲᠠᠰᠤᠭ ᠵᠡᠷᠭᠡ ᠤᠯᠠᠨ ᠴᠢᠳᠠᠪᠬᠢᠳᠤ ᠦᠷᠦᠬᠡ ᠲᠤᠬᠢᠷᠠᠭᠤᠯᠵᠠᠢ᠃ | ᠡᠬᠦᠨ ᠤ ᠬᠠᠮᠳᠤ ︽ᠤᠯᠠᠨ ᠢᠶᠠᠷ ᠢᠶᠠᠨ ᠲᠤᠮᠳᠠᠳᠤ ᠶᠢᠨ ᠰᠤᠶᠤᠯ ᠢ ᠰᠤᠷᠤᠯᠴᠠᠶ᠎ᠠ︾ ︽ᠠᠨᠠᠷ ᠤᠨ ᠦᠷ᠎ᠡ ᠠᠶᠢᠯ | ᠰᠠᠭᠠᠬᠠᠯᠳᠠ ᠶᠢᠨ ᠴᠤᠬᠯᠠᠭᠠᠨ︾ ᠵᠡᠷᠭᠡ ᠡᠯ᠎ᠡ ᠲᠦᠷᠦᠯ ᠤᠨ ᠠᠵᠢᠯᠯᠠᠭ᠎ᠠ ᠶᠢ ᠢᠳᠡᠪᠬᠢᠳᠡᠢ ᠵᠤᠬᠢᠶᠠᠨ ᠪᠠᠶᠢᠭᠤᠯᠤᠨ | ᠦᠷᠨᠢᠬᠦᠯᠵᠦ᠂ ᠬᠠᠷᠢᠶᠠᠳᠤ ᠤᠷᠤᠨ ᠤ ᠡᠯ᠎ᠡ ᠦᠨᠳᠦᠰᠦᠳᠡᠨ ᠤ ᠤᠯᠠᠨ ᠲᠦᠮᠡᠨ ᠬᠠᠮᠳᠤᠪᠡᠷ ᠲᠠᠭᠤᠤ ᠲᠠᠭᠤᠯᠠᠵᠦ | ᠪᠦᠵᠢᠭ ᠪᠦᠵᠢᠭᠯᠡᠨ ᠬᠠᠮᠳᠤᠪᠡᠷ ᠪᠠᠶᠠᠷ ᠤᠨ ᠡᠳᠦᠷ ᠢᠶᠠᠨ ᠪᠡᠯᠬᠡᠯᠡᠵᠦ᠂ ᠲᠤᠮᠳᠠᠳᠤ ᠶᠢᠨ ᠦᠨᠳᠦᠰᠦᠳᠡᠨ ᠤ ᠰᠢᠯᠢᠳᠡᠭ | ᠤᠯᠠᠮᠵᠢᠯᠠᠯᠳᠤ ᠰᠤᠶᠤᠯ ᠤᠨ ᠷᠢᠳᠢ ᠰᠢᠳᠢ ᠶᠢ ᠦᠨᠡᠨ ᠬᠦ ᠤᠶᠢᠯᠠᠭᠠᠭᠤᠯᠵᠠᠢ᠃ | ᠤᠯᠠᠭᠠᠨᠬᠤᠳᠠ ᠶᠢᠨ ᠱᠸᠡᠭᠯᠢ ᠵᠡᠬᠡᠯᠢ ᠶᠢᠨ ᠬᠡᠷᠡᠭ ᠡᠷᠬᠢᠯᠡᠬᠦ ᠭᠠᠵᠠᠷ ᠤᠨ ᠠᠨ ᠵᠢᠤᠢ ᠨᠡᠶᠢᠬᠡᠮ | ᠲᠤᠭᠤᠷᠢᠭ ᠤᠨ ᠫᠧᠩ ᡁᠢ ᠬᠤᠩ᠄ ︽ᠪᠢ ᠠᠨ ᠵᠢᠤᠢ ᠨᠡᠶᠢᠬᠡᠮ ᠲᠤᠭᠤᠷᠢᠭ ᠲᠤ ᠶᠠᠳᠤᠭ᠎ᠠ ᠬᠦᠭᠵᠢᠮᠳᠡᠬᠦ ᠶᠢ | ᠰᠤᠷᠤᠭᠠᠳ ᠨᠢᠬᠡᠨᠳᠡ ᠬᠠᠭᠠᠰ ᠵᠢᠯ ᠪᠤᠯᠵᠦ ᠪᠠᠶᠢᠨ᠎ᠠ᠃ ᠪᠢ ᠡ᠊ᠨᠳᠡ ᠢᠷᠡᠭᠡᠳ ᠶᠠᠳᠤᠭ᠎ᠠ ᠬᠦᠭᠵᠢᠮᠳᠡᠬᠦ ᠠᠷᠭ᠎ᠠ ᠶᠢ | ᠰᠤᠷᠤᠬᠰᠠᠨ ᠢᠶᠠᠷ ᠪᠠᠷᠠᠬᠤ ᠦᠬᠡᠢ ᠪᠠᠰᠠ ᠡᠯ᠎ᠡ ᠦᠨᠳᠦᠰᠦᠳᠡᠨ ᠤ ᠡᠬᠡᠴᠢ ᠲᠡᠬᠦᠦ ᠨᠠᠷ ᠲᠠᠢ ᠲᠠᠨᠢᠯᠴᠠᠭᠠᠳ | ᠲᠦᠢᠯ ᠢᠶᠠᠷ ᠪᠠᠶᠠᠷᠯᠠᠵᠦ ᠪᠠᠶᠢᠨ᠎ᠠ︾ ᠬᠡᠵᠦ ᠭᠡᠯᠡᠵᠤ ᠪᠠᠶᠢᠯ᠎ᠠ᠃ | ᠤᠶᠢᠷ᠎ᠠ ᠳᠤ᠂ ᠠᠨ ᠵᠢᠤᠢ ᠨᠡᠶᠢᠬᠡᠮ ᠲᠤᠭᠤᠷᠢᠭ ᠲᠤ ᠦᠨᠳᠦᠰᠦᠳᠡᠨ ᠤ ᠪᠦᠯᠬᠦᠮᠳᠡᠯ ᠤᠨ ᠦᠯᠢᠬᠡᠷ ᠶᠠᠷᠢᠬᠤ | ᠠᠵᠢᠯᠯᠠᠭ᠎ᠠ ᠬᠦᠭᠵᠢᠶᠡᠨ ᠲᠠᠢ ᠶᠠᠪᠤᠬᠳᠠᠵᠦ ᠪᠠᠶᠢᠪᠠ᠃ ᠠᠨ ᠵᠢᠤᠢ ᠨᠡᠶᠢᠬᠡᠮ ᠲᠤᠭᠤᠷᠢᠭ ᠤᠨ ᠲᠤᠮᠳᠠᠳᠤ ᠶᠢᠨ | ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠠᠬᠢᠭᠤᠯᠬᠤ ᠨᠡᠶᠢᠬᠡᠮᠯᠢᠭ ᠤᠨ | ᠲᠠᠷᠤᠭ᠎ᠠ ᠯᠢ ᠶᠢᠨ ᠫᠢᠩ ᠲᠡᠤᠬᠡᠳᠤ ᠬᠡᠷᠡᠭ ᠶᠠᠪᠤᠳᠠᠯ᠂ ᠵᠢᠱᠢᠶᠡᠴᠢ ᠶᠢᠨ ᠦᠯᠢᠬᠡᠷ ᠵᠢᠴᠢ ᠬᠠᠵᠠᠭᠤᠳᠡᠬᠢ ᠬᠦᠮᠤᠰ ᠤᠨ | ᠦᠡᠭᠭᠡᠷᠡᠯᠳᠡ ᠪᠤᠯᠤᠨ ᠦᠨᠳᠦᠰᠦᠳᠡᠨ ᠤ ᠪᠦᠯᠬᠦᠮᠳᠡᠯ ᠤᠨ ᠲᠦᠷᠦ ᠶᠢᠨ ᠪᠤᠳᠤᠯᠭ᠎ᠠ ᠶᠢ ᠬᠠᠷᠢᠯᠴᠠᠨ ᠤᠶᠠᠯᠳᠤᠭᠤᠯᠵᠦ᠂ | ᠠᠮᠢᠳᠤ ᠲᠦᠷᠰᠦᠯᠢᠭ ᠬᠡᠯᠡ ᠬᠡᠯᠡᠯᠬᠡ ᠪᠠᠷ ᠨᠠᠮ ᠤᠨ ᠤᠨᠤᠯ ᠢ ᠤᠬᠠᠭᠤᠯᠵᠦ᠂ ᠡᠯ᠎ᠡ ᠦᠨᠳᠦᠰᠦᠳᠡᠨ ᠤ ᠤᠯᠠᠨ | ᠲᠦᠮᠡᠨ ᠤ ᠰᠡᠳᠬᠢᠯ ᠳᠤ ᠦᠨᠳᠦᠰᠦᠳᠡᠨ ᠤ ᠪᠦᠯᠬᠦᠮᠳᠡᠯ ᠤᠨ ᠦᠷ᠎ᠡ ᠶᠢ ᠦᠨᠳᠦᠰᠦᠯᠡᠬᠦᠯᠵᠡᠢ᠃ | ᠯᠢ ᠶᠢᠨ ᠫᠢᠡᠭ᠄ ︽ᠪᠢᠳᠡ ᠱᠸᠡᠭᠯᠢ ᠵᠡᠬᠡᠯᠢ ᠶᠢᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ | ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠨᠡᠶᠢᠬᠡᠮᠯᠢᠭ ᠤᠨ ᠲᠡᠪᠴᠡᠩ ᠳᠤ ᠲᠦᠰᠢᠭᠯᠡᠨ᠂ ᠠᠮᠢᠳᠤᠯᠢᠭ | ᠬᠡᠷᠡᠭ ᠤᠨ ᠵᠢᠱᠢᠶ᠎ᠡ ᠪᠠᠷ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠯᠢᠬᠡᠷ ᠢ ᠤᠯᠠᠨ ᠲᠦᠮᠡᠨ ᠳᠤ | ᠤᠯᠠᠮᠵᠢᠯᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ | ᠬᠦᠮᠦᠰ ᠤᠨ ᠰᠡᠳᠬᠢᠯ ᠳᠤ ᠬᠠᠳᠠᠩᠰᠢᠭᠤᠯᠵᠦ ᠪᠤᠢ︾ ᠬᠡᠵᠦ ᠶᠠᠷᠢᠵᠦ ᠪᠠᠶᠢᠯ᠎ᠠ᠃ | ᠡᠨᠡ ᠬᠡᠳᠦᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠱᠸᠡᠭᠯᠢ ᠵᠡᠬᠡᠯᠢ ᠶᠢᠨ ᠬᠡᠷᠡᠭ ᠡᠷᠬᠢᠯᠡᠬᠦ ᠭᠠᠵᠠᠷ ᠨᠢ | ᠨᠠᠮ ᠤᠨ ᠪᠠᠶᠢᠭᠤᠯᠤᠯᠳᠠ ᠶᠢᠨ ᠲᠦᠷᠦᠯ ᠲᠡᠮᠳᠡᠭ ᠢᠶᠠᠷ ᠬᠦᠳᠦᠯᠦᠨ ᠲᠠᠭᠠᠭᠤᠯᠵᠦ᠂ ᠲᠤᠮᠳᠠᠳᠤ ᠶᠢᠨ ᠦᠨᠳᠦᠰᠦᠳᠡᠨ ᠤ | ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠠᠵᠢᠯ ᠪᠤᠯᠤᠨ ᠪᠦᠬᠦ ᠳᠠᠯ᠎ᠠ ᠶᠢᠨ ᠠᠵᠢᠯ ᠲᠠᠢ | ᠬᠦᠨᠵᠡᠬᠡᠢ ᠠᠭᠤᠰᠤᠯᠴᠠᠭᠤᠯᠵᠦ᠂ ᠦᠨᠳᠦᠰᠦᠳᠡᠨ ᠤ ᠪᠦᠯᠬᠦᠮᠳᠡᠯ ᠤᠨ ᠠᠵᠢᠯ ᠦᠢᠯᠡᠰ ᠲᠤ ᠬᠠᠶᠢᠷᠠᠳᠠᠢ ᠨᠡᠶᠢᠬᠡᠮ ᠤᠨ | ᠡᠯ᠎ᠡ ᠡᠳᠡᠭᠡᠳ ᠤᠨ 108 ᠨᠡᠷᠡᠰ ᠬᠦᠮᠦᠨ ᠢ ᠵᠤᠬᠢᠶᠠᠨ ᠪᠠᠶᠢᠭᠤᠯᠤᠨ᠂ ᠲᠤᠮᠳᠠᠳᠤ ᠶᠢᠨ ᠦᠨᠳᠦᠰᠦᠳᠡᠨ ᠤ | ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠠᠬᠢᠭᠤᠯᠬᠤ ᠨᠡᠶᠢᠬᠡᠮᠯᠢᠭ ᠢ 6 ᠵᠤᠬᠢᠶᠠᠨ | ᠪᠠᠶᠢᠭᠤᠯᠵᠦ᠂ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠪᠠᠷ ᠭᠤᠤᠯ ᠪᠤᠯᠭᠠᠬᠰᠠᠨ ᠦᠨᠳᠦᠰᠦᠨ | ᠱᠠᠳᠦᠨ ᠤ ᠦᠨᠳᠦᠰᠦᠳᠡᠨ ᠤ ᠠᠵᠢᠯ ᠤᠨ ᠲᠤᠬᠳᠠᠴᠠ ᠶᠢ ᠪᠠᠶᠢᠭᠤᠯᠵᠦ᠂ ᠲᠤᠮᠳᠠᠳᠤ ᠶᠢᠨ ᠦᠨᠳᠦᠰᠦᠳᠡᠨ ᠤ | ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠨᠡᠶᠢᠬᠡᠮ ᠲᠤᠭᠤᠷᠢᠭ ᠲᠤ ᠦᠨᠳᠦᠰᠦᠯᠡᠬᠦᠯᠬᠦ ᠶᠢ | ᠦᠷᠬᠦᠯᠵᠢᠯᠡᠨ ᠠᠬᠢᠭᠤᠯᠵᠠᠢ᠃ | ᠤᠯᠠᠭᠠᠨᠬᠤᠳᠠ ᠶᠢᠨ ᠱᠸᠡᠭᠯᠢ ᠵᠡᠬᠡᠯᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠳᠡᠨ ᠭᠤᠤ ᠮᠢᠨ᠄ ︽ | ᠲᠠᠷᠠᠭᠠᠴᠢ ᠪᠠᠷ᠂ ᠱᠸᠡᠭᠯᠢ ᠵᠡᠬᠡᠯᠢ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ | ᠴᠤᠬᠴᠠᠯᠠᠬᠤ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠦ᠂ ᠨᠠᠮ ᠤᠨ ᠪᠠᠶᠢᠭᠤᠯᠤᠯᠳᠠ ᠶᠢᠨ ᠲᠦᠷᠦᠯ ᠵᠦᠢᠯ ᠢᠶᠠᠷ | ᠬᠦᠳᠦᠯᠦᠨ ᠲᠠᠭᠠᠭᠤᠯᠵᠦ᠂ ︿ᠲᠠᠪᠦᠨ ᠨᠢᠬᠡ﹀ ᠤᠯᠠᠨ ᠲᠦᠮᠡᠨᠴᠢ ᠠᠵᠢᠯ ᠤᠨ ᠠᠷᠭ᠎ᠠ ᠶᠢ ᠦᠷᠬᠦᠯᠵᠢᠯᠡᠨ | ᠬᠦᠨᠵᠡᠬᠡᠶᠢᠷᠡᠬᠦᠯᠵᠦ᠂ ᠤᠯᠠᠨ ᠠᠷᠭ᠎ᠠ ᠪᠠᠷ ᠦᠨᠳᠦᠰᠦᠳᠡᠨ ᠤ ᠪᠦᠯᠬᠦᠮᠳᠡᠯ ᠤᠨ ᠠᠵᠢᠯᠯᠠᠭ᠎ᠠ ᠦᠷᠨᠢᠬᠦᠯᠵᠦ᠂ ︿ | ᠬᠠᠮᠳᠤᠪᠡᠷ ᠰᠠᠭᠤᠷᠢᠰᠢᠨ ᠬᠠᠮᠳᠤᠪᠡᠷ ᠰᠤᠷᠤᠯᠴᠠᠵᠦ᠂ ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠬᠦ᠂ ᠬᠠᠮᠳᠤᠪᠡᠷ | ᠶᠠᠪᠤᠳᠠᠯ ᠰᠶᠢᠳᠪᠦᠷᠢᠯᠡᠨ ᠬᠠᠮᠳᠤᠪᠡᠷ ᠪᠠᠶᠠᠰᠤᠯᠴᠠᠬᠤ﹀ ᠡᠶ᠎ᠡ ᠨᠠᠶᠢᠷᠳᠠᠢ ᠬᠡᠷ ᠤᠷᠤᠨ ᠢᠶᠠᠨ ᠢᠳᠡᠪᠬᠢᠳᠡᠢ ᠪᠠᠶᠢᠭᠤᠯᠤᠨ᠎ᠠ | ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃ ᠳ᠋ᠦᠩ ᠯᠢᠨ ᠵᠢᠶᠠ ᠭᠦᠩ ᠭᠥᠸᠧ ᠮᠡᠳᠡᠬᠡᠯᠡᠪᠡ | |