ᠲᠡᠬᠦᠯᠢᠨ ᠵᠡᠬᠡᠯᠢ ᠶᠢᠨ ᠰᠠᠶᠢᠬᠠᠨ ᠨᠡᠶᠢᠬᠡᠮ ᠲᠤᠭᠤᠷᠢᠭ ᠤᠨ ᠵᠤᠯ ᠵᠢᠷᠭᠠᠯᠳᠤ ᠬᠤᠭᠤᠯᠠᠨ ᠬᠡᠷ ᠨᠠᠰᠦᠳᠠᠶᠢᠴᠤᠳ ᠤᠨ ᠰᠡᠳᠬᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/3/5
        ᠡᠨᠡ ᠬᠡᠳᠦᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠲᠡᠬᠦᠯᠢᠨ ᠵᠡᠬᠡᠯᠢ ᠶᠢᠨ ᠰᠠᠶᠢᠬᠠᠨ ᠨᠡᠶᠢᠬᠡᠮ ᠲᠤᠭᠤᠷᠢᠭ ᠤᠨ ᠵᠤᠯ ᠵᠢᠷᠭᠠᠯᠳᠤ ᠬᠤᠭᠤᠯᠠᠨ ᠬᠡᠷ ᠨᠠᠰᠦᠳᠠᠳ ᠢ ᠬᠠᠪᠰᠤᠷᠬᠤ ᠬᠤᠭᠤᠯᠠᠨ ᠲᠢᠩᠬᠢᠮ᠂ ᠬᠤᠭᠤᠯᠠ ᠪᠠᠷ ᠲᠤᠰᠠᠯᠠᠬᠤ ᠴᠡᠭ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠦ᠂ ᠬᠠᠷᠢᠶᠠᠳᠤ ᠤᠷᠤᠨ ᠤ ᠨᠠᠰᠦᠳᠠᠶᠢᠴᠤᠳ ᠤᠨ ᠬᠤᠭᠤᠯᠠ ᠪᠤᠳᠠᠭ᠎ᠠ ᠢᠳᠡᠬᠦ ᠱᠠᠭᠠᠷᠳᠠᠯᠭ᠎ᠠ ᠶᠢ ᠦᠨᠡᠨ ᠬᠦ ᠪᠠᠳᠦᠯᠠᠵᠦ᠂ ᠨᠠᠰᠦᠳᠠᠶᠢᠴᠤᠳ ᠲᠤ ᠬᠠᠷᠠᠭᠠᠯᠵᠠᠯ ᠦᠵᠡᠬᠦᠯᠵᠦ᠂ ᠲᠡᠳᠡᠨ ᠤ ᠰᠡᠳᠬᠢᠯ ᠢ ᠲᠤᠯᠠᠭᠠᠴᠠᠭᠤᠯᠵᠦ ᠪᠤᠢ᠃        ᠦᠳᠡ ᠪᠤᠯᠬᠤ ᠦᠶ᠎ᠡ ᠪᠠᠷ᠂ ᠲᠡᠬᠦᠯᠢᠨ ᠵᠡᠬᠡᠯᠢ ᠶᠢᠨ ᠰᠠᠶᠢᠬᠠᠨ ᠨᠡᠶᠢᠬᠡᠮ ᠲᠤᠭᠤᠷᠢᠭ ᠤᠨ ᠵᠤᠯ ᠵᠢᠷᠭᠠᠯᠳᠤ ᠬᠤᠭᠤᠯᠠᠨ ᠬᠡᠷ ᠤᠨ ᠠᠵᠢᠯᠳᠠᠳ ᠶᠠᠭ ᠰᠠᠶ᠋ᠢᠬᠠᠨ ᠬᠤᠭᠤᠯᠠ ᠤᠮᠳᠠ ᠪᠠᠨ ᠪᠡᠯᠡᠳᠭᠡᠵᠦ᠂ ᠤᠶᠢᠷ᠎ᠠ ᠬᠠᠪᠢ ᠶᠢᠨ 6 ᠪᠠᠭ᠎ᠠ ᠲᠤᠭᠤᠷᠢᠭ ᠤᠨ 500 ᠭᠠᠷᠦᠢ ᠨᠠᠰᠦᠳᠠᠨ ᠳᠤ ᠬᠤᠭᠤᠯᠠ ᠪᠤᠳᠠᠭ᠎ᠠ ᠬᠠᠨᠭ᠍ᠭᠠᠬᠤ ᠪᠠᠷ ᠪᠡᠯᠡᠬᠡᠨ ᠪᠤᠯᠤᠭᠠᠳ ᠪᠠᠶᠢᠯ᠎ᠠ᠃ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠭᠥᠸᠧ ᠰᠢᠤᠢ ᠹᠠᠩ ᠦᠷᠬᠦᠯᠵᠢ ᠪᠠᠭ᠎ᠠ ᠲᠤᠭᠤᠷᠢᠭ ᠤᠨ ᠨᠠᠰᠦᠳᠠᠳ ᠲᠠᠢ ᠬᠠᠮᠳᠤ ᠡ᠊ᠨᠳᠡ ᠢᠷᠡᠵᠦ ᠬᠤᠭᠤᠯᠠ ᠢᠳᠡᠳᠡᠭ᠂ ᠢᠡᠭᠬᠢᠬᠦ ᠨᠢ ᠬᠡᠷ ᠲᠡᠭᠡᠨ ᠬᠤᠭᠤᠯᠠ ᠪᠤᠳᠠᠭ᠎ᠠ ᠬᠢᠬᠦ ᠴᠠᠭ ᠢ ᠠᠷᠪᠢᠯᠠᠴᠢᠬᠠᠬᠤ ᠪᠦᠭᠡᠳ ᠪᠠᠰᠠ ᠠᠶᠢᠯ ᠰᠠᠭᠠᠬᠠᠯᠳᠠ ᠶᠢᠨ ᠬᠦᠮᠦᠰ ᠲᠠᠢ ᠬᠠᠮᠳᠤ ᠵᠤᠭᠤᠬᠳᠠᠴᠢᠬᠠᠨ᠎ᠠ᠃        ᠭᠥᠸᠧ ᠰᠢᠤᠢ ᠹᠠᠩ᠄ ︽ᠪᠢ ᠤᠤᠯ ᠳᠠᠭᠠᠨ ᠬᠡᠷ ᠲᠡᠭᠡᠨ ᠭᠠᠭᠴᠠᠭᠠᠷ ᠬᠤᠭᠤᠯᠠ ᠪᠤᠳᠠᠭ᠎ᠠ ᠬᠢᠪᠡᠯ ᠲᠤᠩ ᠶᠠᠷᠰᠢᠭ ᠲᠠᠢ᠂ ᠤᠳᠤ ᠵᠤᠯ ᠵᠢᠷᠭᠠᠯᠳᠤ ᠬᠤᠭᠤᠯᠠᠨ ᠬᠡᠷ ᠨᠢ ᠬᠡᠷ ᠠᠴᠠ ᠤᠶᠢᠷᠠᠬᠠᠨ ᠪᠦᠭᠡᠳ ᠲᠦᠬᠦᠮ︕︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃        ᠲᠡᠬᠦᠯᠢᠨ ᠵᠡᠬᠡᠯᠢ ᠶᠢᠨ ᠰᠠᠶᠢᠬᠠᠨ ᠨᠡᠶᠢᠬᠡᠮ ᠲᠤᠭᠤᠷᠢᠭ ᠤᠨ ᠵᠤᠯ ᠵᠢᠷᠭᠠᠯᠳᠤ ᠬᠤᠭᠤᠯᠠᠨ ᠬᠡᠷ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠰᠢᠨ᠎ᠠ ᠵᠠᠬᠪᠦᠷ ᠢ ᠢᠳᠡᠪᠬᠢᠳᠡᠢ ᠰᠦᠪᠡᠭᠴᠢᠯᠡᠵᠤ᠂ ︽ᠵᠤᠯ ᠵᠢᠷᠭᠠᠯᠳᠤ ᠬᠤᠭᠤᠯᠠᠨ ᠬᠡᠷ︾ ᠲᠤ ᠲᠦᠰᠢᠭᠯᠡᠨ᠂ ︽ᠨᠠᠰᠦᠳᠠᠶᠢᠴᠤᠳ ᠢ ᠬᠠᠯᠠᠮᠵᠢᠯᠠᠬᠤ︾ ᠤᠶᠢᠯᠠᠭᠠᠬᠳᠠᠬᠤᠨ ᠢ ᠡᠳᠦᠷ ᠲᠤᠳᠤᠮ ᠤᠨ ᠠᠮᠢᠳᠦᠷᠠᠯ ᠳᠤ ᠠᠭᠤᠰᠤᠯᠴᠠᠭᠤᠯᠵᠦ᠂ ︽ᠭᠤᠤᠯ ᠬᠤᠭᠤᠯᠠᠨ ᠬᠡᠷ + ᠬᠤᠭᠤᠯᠠ ᠪᠤᠳᠠᠭ᠎ᠠ ᠪᠠᠷ ᠲᠤᠰᠠᠯᠠᠬᠤ ᠦᠢᠯᠡᠴᠢᠯᠡᠭᠡ︾ ᠶᠢᠨ ᠰᠢᠨ᠎ᠠ ᠵᠠᠬᠪᠦᠷ ᠢ ᠪᠦᠷᠢᠯᠳᠦᠬᠦᠯᠵᠦ᠂ ᠨᠡᠶᠢᠬᠡᠮ ᠲᠤᠭᠤᠷᠢᠭ ᠤᠨ ᠨᠠᠰᠦᠳᠠᠶᠢᠴᠤᠳ ᠲᠤ ᠲᠦᠬᠦᠮ ᠰᠢᠯᠢᠳᠡᠭ ᠬᠤᠭᠤᠯᠠ ᠪᠤᠳᠠᠭᠠᠨ ᠤ ᠦᠢᠯᠡᠴᠢᠯᠡᠭᠡ ᠬᠠᠨᠭ᠍ᠭᠠᠵᠦ᠂ ᠠᠮᠳᠠ ᠰᠢᠮᠡᠳᠠᠢ ᠬᠤᠭᠤᠯᠠ ᠵᠠᠭᠤᠰᠢ ᠨᠢ ᠲᠡᠳᠡᠨ ᠤ ᠦᠳᠡᠯᠦᠬᠡ ᠨᠠᠰᠦᠨ ᠤ ᠠᠮᠢᠳᠦᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠡᠢ᠃        ᠲᠡᠬᠦᠯᠢᠨ ᠵᠡᠬᠡᠯᠢ ᠶᠢᠨ ᠰᠠᠶᠢᠬᠠᠨ ᠨᠡᠶᠢᠬᠡᠮ ᠲᠤᠭᠤᠷᠢᠭ ᠤᠨ ᠵᠤᠯ ᠵᠢᠷᠭᠠᠯᠳᠤ ᠬᠤᠭᠤᠯᠠᠨ ᠬᠡᠷ ᠤᠨ ᠬᠠᠷᠢᠭᠤᠴᠠᠯᠭᠠᠳᠠᠨ ᠴᠧᠨ ᠰᠢᠤᠸᠠᠢ ᠵᠢᠶᠤᠤ᠄ ︽ᠪᠢᠳᠡ ᠰᠢᠨ᠎ᠠ ᠬᠤᠭᠤᠯᠠ ᠪᠤᠳᠠᠭ᠎ᠠ ᠪᠡᠯᠡᠳᠭᠡᠨ᠂ ᠦᠢᠯᠡᠴᠢᠯᠡᠬᠡᠨ ᠤ ᠴᠢᠨᠠᠷ ᠴᠢᠨᠰᠠᠭ᠎ᠠ ᠪᠠᠨ ᠲᠠᠰᠦᠷᠠᠯᠳᠠ ᠦᠬᠡᠢ ᠲᠡᠭᠡᠭᠰᠢᠯᠡᠬᠦᠯᠵᠦ᠂ ᠰᠠᠭᠤᠭᠠᠯᠢ ᠠᠷᠠᠳ ᠲᠤ ᠨᠡᠩ ᠢᠯᠡᠬᠦᠤ ᠲᠦᠬᠦᠮ ᠦᠵᠡᠬᠦᠯᠬᠦ ᠪᠠᠷ ᠴᠢᠷᠮᠠᠶᠢᠵᠦ᠂ ᠰᠠᠭᠤᠭᠠᠯᠢ ᠠᠷᠠᠳ ᠤᠨ ᠵᠤᠯ ᠵᠢᠷᠭᠠᠯᠳᠤ ᠲᠦᠷᠦᠭᠳᠡᠯ ᠪᠠ ᠬᠦᠷᠳᠡᠮᠵᠢ ᠶᠢᠨ ᠲᠦᠷᠦᠭᠳᠡᠯ ᠢ ᠲᠠᠰᠦᠷᠠᠯᠳᠠ ᠦᠬᠡᠢ ᠲᠡᠭᠡᠭᠰᠢᠯᠡᠬᠦᠯᠦᠨ᠎ᠡ︾ ᠬᠡᠵᠦ ᠶᠠᠷᠢᠵᠦ ᠪᠠᠶᠢᠯ᠎ᠠ᠃        ᠤᠯᠠᠭᠠᠨᠬᠤᠳᠠ ᠶᠢᠨ ᠲᠡᠬᠦᠯᠢᠨ ᠵᠡᠬᠡᠯᠢ ᠶᠢᠨ ᠰᠠᠶᠢᠬᠠᠨ ᠨᠡᠶᠢᠬᠡᠮ ᠲᠤᠭᠤᠷᠢᠭ ᠤᠨ ᠵᠤᠯ ᠵᠢᠷᠭᠠᠯᠳᠤ ᠬᠤᠭᠤᠯᠠᠨ ᠬᠡᠷ ᠨᠠᠰᠦᠳᠠᠶᠢᠴᠤᠳ ᠲᠤ ᠲᠤᠳᠤᠨᠤᠰᠤᠭ᠂ ᠴᠢᠨᠠᠷ ᠰᠠᠶᠢᠳᠠᠢ ᠨᠠᠰᠦᠵᠢᠯ ᠤᠨ ᠠᠰᠠᠷᠠᠮᠵᠢ ᠶᠢᠨ ᠬᠤᠭᠤᠯᠠ ᠪᠤᠳᠠᠭᠠᠨ ᠤ ᠦᠢᠯᠡᠴᠢᠯᠡᠭᠡ ᠬᠠᠨᠭ᠍ᠭᠠᠵᠦ᠂ ᠨᠠᠰᠦᠳᠠᠶᠢᠴᠤᠳ ᠲᠤ ᠲᠦᠢᠯ ᠤᠨ ᠲᠦᠬᠦᠮ ᠦᠵᠡᠬᠦᠯᠦᠭᠰᠡᠨ ᠢᠶᠠᠷ ᠪᠠᠷᠠᠬᠤ ᠦᠬᠡᠢ ᠲᠡᠳᠡᠨ ᠤ ᠰᠡᠳᠬᠢᠯ ᠢ ᠲᠤᠯᠠᠭᠠᠴᠠᠭᠤᠯᠵᠦ ᠪᠤᠢ᠃ ︵ᠭᠥᠸᠧ ᠭᠥᠸᠧ ᠰᠦᠩ ᠹᠸᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号