ᠤᠯᠠᠭᠠᠨᠬᠤᠳᠠ ᠶᠢᠨ ᠲᠡᠮᠤᠷ ᠵᠠᠮ ᠤᠨ ᠪᠠᠷᠠᠭᠤᠨᠳᠡᠬᠢ ᠵᠡᠬᠡᠯᠢ ᠤᠶᠤᠳᠠᠯᠴᠢᠳ ᠤᠨ ᠪᠤᠯᠪᠠᠰᠦᠷᠠᠯ ᠦᠷᠨᠢᠬᠦᠯᠵᠦ ᠠᠵᠢᠯ ᠤᠯᠭᠤᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/3/5
        ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠲᠡᠮᠤᠷ ᠵᠠᠮ ᠤᠨ ᠪᠠᠷᠠᠭᠤᠨᠳᠡᠬᠢ ᠵᠡᠬᠡᠯᠢ ᠪᠤᠯᠤᠨ ᠦᠪᠦᠷ ᠮᠤᠩᠭᠤᠯ ᠤᠨ ᠢ ᠴᠢᠶᠦ᠋ᠨ ᠬᠤᠪᠴᠠᠰᠦᠨ ᠬᠤᠳᠠᠯᠳᠤᠭ᠎ᠠ ᠶᠢᠨ ᠬᠢᠵᠠᠭᠠᠷᠳᠤ ᠺᠤᠮᠫᠠᠨᠢ ᠲᠠᠢ ᠬᠠᠮᠵᠢᠯᠴᠠᠨ ᠢᠮᠠᠭᠠᠨ ᠨᠤᠤᠯᠤᠷ ᠤᠨ ᠬᠤᠪᠴᠠᠰᠦ ᠤᠶᠤᠬᠤ ᠪᠤᠯᠪᠠᠰᠦᠷᠠᠯ ᠤᠨ ᠠᠩᠬᠢ ᠡᠷᠬᠢᠯᠡᠵᠦ᠂ ᠬᠠᠷᠢᠶᠠᠳᠤ ᠤᠷᠤᠨ ᠤ ᠰᠠᠭᠤᠭᠠᠯᠢ ᠠᠷᠠᠳ ᠤᠨ ᠠᠵᠢᠯ ᠤᠯᠭᠤᠯᠳᠠ ᠶᠢᠨ ᠵᠠᠮ ᠢ ᠦᠷᠬᠡᠳᠬᠡᠨ᠂ ᠭᠠᠷ ᠤᠨ ᠤᠷ᠎ᠠ ᠮᠡᠷᠬᠡᠵᠢᠯ ᠢ ᠠᠵᠦ ᠠᠬᠤᠢ ᠶᠢᠨ ᠦᠷ᠎ᠡ ᠠᠰᠢᠭ ᠪᠤᠯᠭᠠᠨ ᠬᠤᠪᠢᠷᠠᠭᠤᠯᠬᠤ ᠶᠢ ᠪᠡᠶᠡᠯᠡᠬᠦᠯᠵᠡᠢ᠃        ᠰᠤᠷᠪᠤᠯᠵᠢᠯᠠᠬᠴᠢ ᠲᠡᠮᠤᠷ ᠵᠠᠮ ᠤᠨ ᠪᠠᠷᠠᠭᠤᠨᠳᠡᠬᠢ ᠵᠡᠬᠡᠯᠢ ᠶᠢᠨ ᠺᠤᠸᠠᠩ ᠴᠢᠤᠸᠠᠨ ᠨᠡᠶᠢᠬᠡᠮ ᠲᠤᠭᠤᠷᠢᠭ ᠲᠤ ᠬᠦᠷᠴᠦ ᠠᠵᠢᠯᠳᠠᠳ ᠠᠴᠠ ᠤᠶᠢᠯᠠᠭᠠᠬᠰᠠᠨ ᠢᠶᠠᠷ᠂ ᠲᠦᠷᠦᠬᠦᠦ ᠬᠤᠭᠤᠴᠠᠭᠠᠨ ᠤ ᠢᠮᠠᠭᠠᠨ ᠨᠤᠤᠯᠤᠷ ᠤᠨ ᠬᠤᠪᠴᠠᠰᠦ ᠤᠶᠤᠬᠤ ᠪᠤᠯᠪᠠᠰᠦᠷᠠᠯ ᠤᠨ ᠠᠩᠬᠢ ᠶᠢᠨ ᠬᠡᠰᠢᠬᠦᠳ ᠤᠨ ᠴᠡᠯᠢᠩ ᠢ ᠡᠬᠢᠯᠡᠨ ᠲᠠᠷᠬᠠᠭᠠᠵᠦ᠂ 2024 ᠤᠨ ᠤ 12 ᠰᠠᠷ᠎ᠠ ᠶᠢᠨ 6 ᠤ ᠡᠳᠦᠷ ᠠᠴᠠ ᠡᠬᠢᠯᠡᠨ᠂ ᠬᠠᠷᠢᠶᠠᠳᠤ ᠤᠷᠤᠨ ᠤ 60 ᠭᠠᠷᠦᠢ ᠰᠠᠭᠤᠭᠠᠯᠢ ᠠᠷᠠᠳ ᠢᠮᠠᠭᠠᠨ ᠨᠤᠤᠯᠤᠷ ᠤᠨ ᠬᠤᠪᠴᠠᠰᠦ ᠤᠶᠤᠬᠤ ᠠᠵᠢᠯ ᠳᠤ ᠤᠷᠤᠯᠴᠠᠭᠰᠠᠨ ᠪᠠᠶᠢᠨ᠎ᠠ᠃        ᠲᠡᠮᠤᠷ ᠵᠠᠮ ᠤᠨ ᠪᠠᠷᠠᠭᠤᠨᠳᠡᠬᠢ ᠵᠡᠬᠡᠯᠢ ᠶᠢᠨ ᠺᠤᠸᠠᠩ ᠴᠢᠤᠸᠠᠨ ᠨᠡᠶᠢᠬᠡᠮ ᠲᠤᠭᠤᠷᠢᠭ ᠲᠤᠰᠬᠠᠢ ︽ᠴᠢᠤᠸᠠᠨ ᠵᠢᠶᠠ ᠭᠠᠷ ᠤᠷᠠᠯᠠᠯ ᠤᠨ ᠦᠷᠦᠬᠡ︾ ᠲᠤᠬᠢᠷᠠᠭᠤᠯᠵᠦ᠂ ᠰᠠᠭᠤᠭᠠᠯᠢ ᠠᠷᠠᠳ ᠲᠤ ᠤᠶᠤᠳᠠᠯ ᠤᠨ ᠠᠵᠢᠯ ᠬᠠᠨᠭ᠍ᠭᠠᠵᠦ᠂ ᠲᠡᠳᠡᠨ ᠤ ᠠᠵᠢᠯ ᠤᠨ ᠦᠷ᠎ᠡ ᠪᠦᠳᠦᠮᠵᠢ ᠶᠢ ᠲᠡᠭᠡᠭᠰᠢᠯᠡᠬᠦᠯᠬᠦ ᠳᠤ ᠲᠡᠮᠵᠢᠯᠬᠡ ᠦᠵᠡᠬᠦᠯᠵᠡᠢ᠃ ᠤᠳᠤ ᠪᠤᠯᠳᠠᠯ᠎ᠠ 10 ᠭᠠᠷᠦᠢ ᠰᠠᠭᠤᠭᠠᠯᠢ ᠠᠷᠠᠳ ᠢ ᠬᠠᠪᠰᠦᠷᠦᠨ 7200 ᠭᠠᠷᠦᠢ ᠲᠦᠬᠦᠷᠢᠭ ᠤᠨ ᠤᠷᠤᠯᠭ᠎ᠠ ᠡᠬᠦᠳᠴᠦ ᠦᠭᠬᠦᠭᠡᠤᠨ ᠪᠤᠢ ᠃ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠵᠠᠩ ᠯᠢᠩ᠄ ︽ᠪᠢ ᠤᠤᠯ ᠳᠠᠭᠠᠨ ᠬᠡᠷ ᠲᠡᠭᠡᠨ ᠵᠦᠬᠡᠷ ᠰᠠᠭᠤᠵᠦ ᠪᠠᠶᠢᠵᠠᠢ᠃ ᠤᠳᠤ ᠵᠡᠬᠡᠯᠢ ᠭᠤᠳᠤᠮᠵᠢ ᠠᠴᠠ ᠪᠢᠳᠡᠨ ᠳᠤ ᠠᠵᠢᠯ ᠤᠯᠵᠦ ᠦᠭᠬᠦᠭᠰᠡᠨ ᠪᠦᠭᠡᠳ ᠠᠵᠢᠯᠯᠠᠬᠤ ᠲᠠᠯᠠᠪᠦᠷ ᠬᠠᠨᠭ᠍ᠭᠠᠨ ᠦᠭᠴᠡᠢ᠃ ᠤᠷᠴᠢᠮ ᠳᠤ ᠪᠢ 700 ᠭᠠᠷᠦᠢ ᠲᠦᠬᠦᠷᠢᠭ ᠤᠨ ᠤᠷᠤᠯᠭ᠎ᠠ ᠤᠯᠵᠠᠢ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃        ᠪᠤᠯᠪᠠᠰᠦᠷᠠᠯ ᠤᠨ ᠠᠬᠤᠢ ᠲᠠᠯᠠᠪᠠᠢ ᠳᠤ᠂ ᠦᠪᠦᠷ ᠮᠤᠩᠭᠤᠯ ᠤᠨ ᠢ ᠴᠢᠶᠦ᠋ᠨ ᠬᠤᠪᠴᠠᠰᠦᠨ ᠬᠤᠳᠠᠯᠳᠤᠭ᠎ᠠ ᠶᠢᠨ ᠬᠢᠵᠠᠭᠠᠷᠳᠤ ᠺᠤᠮᠫᠠᠨᠢ ᠶᠢᠨ ᠪᠤᠯᠪᠠᠰᠦᠷᠠᠯ ᠤᠨ ᠠᠩᠬᠢ ᠶᠢᠨ ᠪᠠᠭᠰᠢ ᠠᠴᠠ ᠰᠢᠨ᠎ᠠ ᠢᠮᠠᠭᠠᠨ ᠨᠤᠤᠯᠤᠷ ᠤᠨ ᠪᠦᠰ ᠪᠠᠷᠠᠭ᠎ᠠ ᠳᠤ ᠴᠢᠭᠯᠡᠬᠦᠯᠦᠨ ᠰᠤᠷᠤᠬᠴᠢᠳ ᠲᠤ ᠲᠤᠬᠠᠢ ᠶᠢᠨ ᠲᠠᠯᠠᠪᠦᠷ ᠤᠨ ᠵᠢᠭᠠᠨ ᠰᠤᠷᠭᠠᠯᠳᠠ ᠬᠢᠵᠡᠢ᠃ ᠦᠪᠦᠷ ᠮᠤᠩᠭᠤᠯ ᠤᠨ ᠢ ᠴᠢᠶᠦ᠋ᠨ ᠬᠤᠪᠴᠠᠰᠦᠨ ᠬᠤᠳᠠᠯᠳᠤᠭ᠎ᠠ ᠶᠢᠨ ᠬᠢᠵᠠᠭᠠᠷᠳᠤ ᠺᠤᠮᠫᠠᠨᠢ ᠶᠢᠨ ᠲᠠᠷᠤᠭ᠎ᠠ ᠯᠢ ᠴᠦᠨ ᠢᠤᠢ᠄ ︽ᠪᠢᠳᠡᠨ ᠤ ᠺᠤᠮᠫᠠᠨᠢ ᠢᠮᠠᠭᠠᠨ ᠨᠤᠤᠯᠤᠷ ᠤᠨ ᠬᠤᠳᠠᠯᠳᠤᠭ᠎ᠠ ᠬᠢᠳᠡᠭ᠃ ᠤᠤᠯ ᠳᠠᠭᠠᠨ ᠠᠵᠢᠯᠴᠢᠨ ᠡᠯᠰᠡᠬᠦ ᠳᠤ ᠬᠦᠴᠢᠷ᠂ ᠪᠤᠯᠪᠠᠰᠦᠷᠠᠯ ᠡᠷᠬᠢᠯᠡᠬᠦ ᠦᠪᠡᠷ ᠤᠨ ᠦᠷᠳᠡᠭ ᠪᠠᠰᠠ ᠦᠨᠳᠦᠷ ᠪᠠᠶᠢᠵᠠᠢ᠃ ᠲᠤᠰ ᠤᠳᠠᠭ᠎ᠠ ᠨᠡᠶᠢᠬᠡᠮ ᠲᠤᠭᠤᠷᠢᠭ ᠲᠠᠢ ᠬᠠᠮᠵᠢᠯᠴᠠᠨ ᠪᠤᠯᠪᠠᠰᠦᠷᠠᠯ ᠤᠨ ᠠᠩᠬᠢ ᠡᠷᠬᠢᠯᠡᠭᠰᠡᠨ ᠨᠢ ᠭᠠᠷ ᠤᠷᠠᠨ᠂ ᠰᠡᠯᠡᠬᠦᠦ ᠴᠠᠭ ᠲᠠᠢ ᠡᠮᠡᠭᠳᠡᠶᠢᠴᠤᠳ ᠲᠤ ᠠᠵᠢᠯ ᠤᠨ ᠪᠠᠶᠢᠷᠢ ᠬᠠᠨᠭ᠍ᠭᠠᠵᠠᠢ᠃ ᠤᠳᠤ ᠨᠢᠬᠡ ᠬᠤᠭᠤᠴᠠᠭ᠎ᠠ ᠬᠠᠮᠵᠢᠯᠴᠠᠭᠠᠳ ᠤᠯᠠᠨ ᠤ ᠭᠠᠷ ᠤᠷᠠᠨ ᠪᠤᠯᠬᠤᠷ ᠦᠢᠯᠡᠳᠬᠦᠨ ᠤ ᠴᠢᠨᠠᠷ ᠪᠠᠰᠠ ᠪᠠᠳᠦᠯᠠᠭ᠎ᠠ ᠲᠠᠢ ᠪᠤᠯᠵᠦ᠂ ᠵᠠᠬᠢᠶᠠᠯᠠᠭ᠎ᠠ ᠴᠤ ᠤᠯᠠᠨ ᠪᠤᠯᠵᠠᠢ᠃ ᠲᠠᠷᠠᠭᠠᠴᠢ ᠪᠠᠷ᠂ ᠪᠢᠳᠡ ᠪᠦᠬᠦ ᠬᠤᠳᠠ ᠶᠢᠨ ᠡᠯ᠎ᠡ ᠨᠡᠶᠢᠬᠡᠮ ᠲᠤᠭᠤᠷᠢᠭ ᠲᠠᠢ ᠦᠷᠬᠡᠨ ᠢᠶᠠᠷ ᠬᠠᠮᠵᠢᠯᠴᠠᠵᠦ ᠂ ᠨᠡᠩ ᠤᠯᠠᠨ ᠭᠠᠷ ᠤᠷᠠᠨ ᠬᠦᠮᠦᠰ ᠲᠠᠢ ᠬᠠᠮᠵᠢᠯᠴᠠᠬᠤ ᠪᠠᠷ ᠴᠢᠷᠮᠠᠶᠢᠨ᠎ᠠ︾ ᠬᠡᠵᠦ ᠶᠠᠷᠢᠵᠦ ᠪᠠᠶᠢᠯ᠎ᠠ᠃ ᠤᠳᠤ᠂ ᠲᠦᠷᠦᠬᠦᠦ ᠬᠤᠭᠤᠴᠠᠭᠠᠨ ᠤ ᠰᠤᠷᠤᠯᠴᠠᠭᠰᠠᠳ ᠤᠨ ᠤᠶᠤᠬᠰᠠᠨ ᠢᠮᠠᠭᠠᠨ ᠨᠤᠤᠯᠤᠷ ᠤᠨ ᠬᠤᠪᠴᠠᠰᠦ ᠶᠢ ᠶᠠᠫᠤᠨ ᠪᠠ ᠺᠤᠷᠢᠶᠠ ᠳᠤ ᠠᠮᠵᠢᠯᠳᠠ ᠲᠠᠢ ᠪᠤᠷᠤᠯᠠᠭᠤᠯᠵᠦ᠂ ᠲᠤᠬᠠᠢ ᠶᠢᠨ ᠭᠠᠵᠠᠷ ᠤᠨ ᠵᠠᠬ᠎ᠠ ᠲᠡᠯᠬᠡᠬᠦᠷ ᠤᠨ ᠦᠨᠳᠦᠷ ᠦᠨᠡᠯᠡᠯᠳᠡ ᠶᠢ ᠤᠯᠤᠬᠰᠠᠨ ᠪᠦᠭᠡᠳ ᠵᠠᠬᠢᠶᠠᠯᠠᠭ᠎ᠠ ᠶᠢᠨ ᠬᠡᠮᠵᠢᠶ᠎ᠡ ᠪᠠᠰᠠ ᠦᠷᠬᠦᠯᠵᠢᠯᠡᠨ ᠨᠡᠮᠡᠭᠳᠡᠵᠦ ᠪᠤᠢ᠃        ᠤᠯᠠᠭᠠᠨᠬᠤᠳᠠ ᠶᠢᠨ ᠲᠡᠮᠤᠷ ᠵᠠᠮ ᠤᠨ ᠪᠠᠷᠠᠭᠤᠨᠳᠡᠬᠢ ᠵᠡᠬᠡᠯᠢ ᠶᠢᠨ ᠨᠠᠮ ᠤᠨ ᠠᠵᠢᠯ ᠤᠨ ᠵᠦᠪᠯᠡᠯ ᠤᠨ ᠬᠡᠰᠢᠬᠦᠨ᠂ ᠬᠡᠷᠡᠭ ᠡᠷᠬᠢᠯᠡᠬᠦ ᠭᠠᠵᠠᠷ ᠤᠨ ᠲᠡᠳ᠋ ᠡᠷᠬᠢᠯᠡᠭᠴᠢ ᠴᠧᠩ ᠱᠦ ᠯᠢ᠄ ︽ᠦᠪᠡᠷᠳᠡᠬᠡᠨ ᠵᠠᠰᠠᠬᠤ ᠤᠷᠤᠨ ᠠᠴᠠ ︿ᠵᠢᠷᠭᠤᠭᠠᠨ ᠠᠵᠢᠯᠯᠠᠭ᠎ᠠ﹀ ᠶᠢ ᠶᠡᠬᠡᠪᠡᠷ ᠠᠬᠢᠭᠤᠯᠬᠤ ᠵᠠᠩᠬᠢᠯᠠᠭ᠎ᠠ ᠶᠢᠨ ᠬᠤᠭᠤᠴᠠᠭᠠᠨ ᠳᠤ᠂ ᠲᠡᠮᠤᠷ ᠵᠠᠮ ᠤᠨ ᠪᠠᠷᠠᠭᠤᠨᠳᠡᠬᠢ ᠵᠡᠬᠡᠯᠢ ᠶᠢᠨ ᠨᠠᠮ ᠤᠨ ᠠᠵᠢᠯ ᠤᠨ ᠵᠦᠪᠯᠡᠯ ᠠᠵᠢᠯ ᠤᠯᠭᠤᠯᠳᠠ ᠶᠢ ᠠᠬᠢᠭᠤᠯᠬᠤ ᠠᠵᠢᠯᠯᠠᠭ᠎ᠠ ᠶᠢ ᠭᠤᠤᠯᠳᠠᠯᠭ᠎ᠠ ᠲᠠᠢ ᠠᠵᠢᠯ ᠪᠤᠯᠭᠠᠨ ᠠᠳᠬᠤᠵᠦ ᠪᠤᠢ᠃ ᠲᠤᠰ ᠤᠳᠠᠭᠠᠨ ᠤ ᠢᠮᠠᠭᠠᠨ ᠨᠤᠤᠯᠤᠷ ᠤᠨ ᠬᠤᠪᠴᠠᠰᠦ ᠤᠶᠤᠬᠤ ᠪᠤᠯᠪᠠᠰᠦᠷᠠᠯ ᠢ ᠠᠮᠵᠢᠯᠳᠠ ᠲᠠᠢ ᠡᠷᠬᠢᠯᠡᠭᠰᠡᠨ ᠨᠢ ᠵᠡᠬᠡᠯᠢ ᠭᠤᠳᠤᠮᠵᠢ ᠪᠤᠯᠤᠨ ᠠᠵᠦ ᠠᠬᠤᠶᠢᠯᠠᠯ ᠬᠠᠮᠵᠢᠯᠴᠠᠬᠰᠠᠨ ᠠᠰᠢᠬᠳᠠᠢ ᠲᠤᠷᠰᠢᠯᠳᠠ ᠮᠦᠨ᠃ ᠲᠠᠷᠠᠭᠠᠴᠢ ᠶᠢᠨ ᠠᠯᠬᠤᠮ ᠳᠤ᠂ ᠲᠡᠮᠤᠷ ᠵᠠᠮ ᠤᠨ ᠪᠠᠷᠠᠭᠤᠨᠳᠡᠬᠢ ᠵᠡᠬᠡᠯᠢ ᠰᠠᠭᠤᠭᠠᠯᠢ ᠠᠷᠠᠳ ᠤᠨ ᠱᠠᠭᠠᠷᠳᠠᠯᠭ᠎ᠠ ᠳᠤ ᠲᠤᠬᠢᠷᠠᠬᠰᠠᠨ ᠠᠵᠢᠯ ᠤᠯᠭᠤᠯᠳᠠ ᠶᠢᠨ ᠤᠷ᠎ᠠ ᠮᠡᠷᠬᠡᠵᠢᠯ ᠤᠨ ᠪᠤᠯᠪᠠᠰᠦᠷᠠᠯ ᠤᠨ ᠬᠢᠴᠢᠶᠡᠯ ᠤᠷᠤᠵᠦ᠂ ᠰᠠᠭᠤᠭᠠᠯᠢ ᠠᠷᠠᠳ ᠤᠨ ᠠᠵᠢᠯ ᠤᠯᠭᠤᠯᠳᠠ ᠶᠢ ᠠᠬᠢᠭᠤᠯᠵᠦ᠂ ᠲᠡᠳᠡᠨ ᠤ ᠠᠮᠢᠳᠦᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠪᠤᠯᠤᠨ᠎ᠠ︾ ᠬᠡᠵᠦ ᠶᠠᠷᠢᠵᠦ ᠪᠠᠶᠢᠯ᠎ᠠ᠃        ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠲᠡᠮᠤᠷ ᠵᠠᠮ ᠤᠨ ᠪᠠᠷᠠᠭᠤᠨᠳᠡᠬᠢ ᠵᠡᠬᠡᠯᠢ ᠬᠠᠷᠢᠶᠠᠳᠤ ᠤᠷᠤᠨ ᠤ ᠤᠯᠠᠨ ᠲᠦᠮᠡᠨ ᠤ ᠠᠵᠢᠯ ᠤᠯᠭᠤᠯᠳᠠ ᠳᠤ ᠠᠩᠬᠠᠷᠦᠯ ᠢᠶᠠᠨ ᠲᠦᠪᠯᠡᠷᠡᠬᠦᠯᠵᠦ᠂ ᠭᠡᠰᠡᠭ ᠬᠦᠮᠤᠰ ᠤᠨ ᠬᠦᠯᠤᠰᠤᠨ ᠠᠵᠢᠯ ᠬᠢᠬᠦ ᠳᠤ ᠬᠦᠴᠢᠷ ᠵᠡᠷᠭᠡ ᠠᠰᠠᠭᠤᠳᠠᠯ ᠳᠤ ᠴᠢᠭᠯᠡᠬᠦᠯᠦᠨ᠂ ᠤᠯᠠᠭᠠᠨᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠦᠯᠠᠭ᠎ᠠ ᠶᠢᠨ ᠲᠤᠪᠴᠢᠶ᠎ᠠ᠂ ᠠᠵᠢᠯᠴᠢᠨ ᠤ ᠶᠡᠷᠦᠩᠭᠡᠢ ᠡᠪᠯᠡᠯ ᠲᠠᠢ ᠬᠠᠮᠳᠤᠪᠡᠷ ᠲᠡᠮᠤᠷ ᠵᠠᠮ ᠤᠨ ᠪᠠᠷᠠᠭᠤᠨᠳᠡᠬᠢ ᠵᠡᠬᠡᠯᠢ ᠶᠢᠨ ᠰᠤᠯᠠ ᠠᠵᠢᠯ ᠤᠨ ᠵᠠᠬ᠎ᠠ ᠲᠡᠯᠬᠡᠬᠦᠷ ᠢ ᠢᠳᠡᠪᠬᠢᠳᠡᠢ ᠪᠠᠶᠢᠭᠤᠯᠵᠦ᠂ ᠵᠡᠮᠳᠡᠭᠴᠤᠳ ᠤᠨ ᠨᠡᠶᠢᠬᠡᠮᠯᠢᠭ᠂ ᠦᠪᠦᠷ ᠮᠤᠩᠭᠤᠯ ᠤᠨ ᠢ ᠴᠢᠶᠦ᠋ᠨ ᠬᠤᠪᠴᠠᠰᠦᠨ ᠬᠤᠳᠠᠯᠳᠤᠭ᠎ᠠ ᠶᠢᠨ ᠬᠢᠵᠠᠭᠠᠷᠳᠤ ᠺᠤᠮᠫᠠᠨᠢ ᠵᠡᠷᠭᠡ ᠨᠡᠶᠢᠬᠡᠮ ᠤᠨ ᠵᠤᠬᠢᠶᠠᠨ ᠪᠠᠶᠢᠭᠤᠯᠤᠯᠳᠠ ᠪᠤᠯᠤᠨ ᠲᠡᠷᠢᠬᠦᠨ ᠤ ᠠᠵᠦ ᠠᠬᠤᠶᠢᠯᠠᠯ ᠢ ᠤᠷᠢᠵᠦ᠂ ᠤᠳᠤ 1268 ᠬᠦᠮᠦᠨ ᠳᠤ ᠠᠵᠢᠯ ᠤᠯᠭᠤᠵᠦ ᠦᠭᠬᠦᠭᠡᠤᠨ ᠪᠤᠢ᠃ ᠲᠤᠤ ᠴᠢᠶᠠᠨ ᠵᠢᠶᠠ ᠭᠦᠩ ᠭᠥᠸᠧ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号