ᠬᠢᠩᠭᠠᠨ ᠠᠶᠢᠮᠠᠭ ᠨᠠᠰᠤᠵᠢᠯ ᠤᠨ ᠠᠰᠠᠷᠠᠮᠵᠢ ᠶᠢᠨ ᠰᠢᠯᠢᠳᠡᠭ ᠦᠢᠯᠡᠴᠢᠯᠡᠭᠡ ᠪᠠᠷ ᠨᠠᠰᠤᠳᠠᠶᠢᠴᠤᠳ ᠲᠤ ᠳᠦᠭᠦᠮ ᠨᠦᠭᠦᠴᠡᠯ ᠬᠠᠨᠭ᠍ᠭᠠᠵᠦ ᠪᠤᠢ
ᠨᠡᠶᠢᠲᠡᠯᠡᠭᠰᠡᠨ ᠴᠠᠭ᠄
2025/3/6
        ᠦᠳᠡ ᠶᠢᠨ ᠬᠤᠭᠤᠯᠠᠨ ᠤ ᠴᠠᠭ ᠣᠶᠢᠷᠠᠳᠬᠤ ᠳᠤ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠳᠡᠭᠦᠯᠢᠨ ᠵᠡᠭᠡᠯᠢ ᠶᠢᠨ ᠲᠧᠩ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠬᠡᠷ ᠲᠤ ᠨᠠᠰᠤᠲᠠᠶᠢᠴᠤᠳ ᠵᠠᠯᠭᠠᠭ᠎ᠠ ᠪᠠᠷ ᠤᠷᠤᠵᠦ᠂ ᠦᠳᠡ ᠶᠢᠨ ᠬᠤᠭᠤᠯᠠ ᠪᠠᠨ ᠢᠳᠡᠬᠦ ᠪᠠᠷ ᠪᠡᠯᠡᠳᠭᠡᠵᠦ ᠪᠠᠶᠢᠯ᠎ᠠ᠃ ︽ᠡ᠊ᠡᠳᠡᠬᠢ ᠶᠢᠨ ᠬᠤᠭᠤᠯᠠ ᠠᠮᠲᠠᠲᠠᠶ᠂ ᠴᠡᠪᠡᠷ ᠪᠥᠭᠡᠳ ᠬᠢᠮᠳᠠ ᠪᠣᠯᠬᠤᠷ ᠭᠡᠷ ᠲᠡᠭᠡᠨ ᠬᠤᠭᠤᠯᠠ ᠪᠤᠳᠠᠭ᠎ᠠ ᠪᠡᠯᠡᠳᠭᠡᠬᠦ ᠴᠢᠬᠤᠯᠠ ᠦᠭᠡᠢ᠂ ᠡᠨᠡ ᠨᠢ ᠮᠠᠨ ᠤ ᠨᠠᠰᠤᠲᠠᠶᠢᠴᠤᠳ ᠲᠤ ᠮᠠᠰᠢ ᠳᠥᠭᠦᠮ ᠪᠤᠯᠵᠠᠢ︾ ᠭᠡᠵᠦ ᠰᠠᠭᠤᠭᠠᠯᠢ ᠠᠷᠠᠳ ᠯᠢᠦ ᠬᠠᠶ ᠵᠢᠶᠠᠩ ᠪᠠᠶᠠᠷᠯᠠᠨ ᠬᠡᠯᠡᠪᠡ᠃ ᠵᠣᠯ ᠵᠢᠷᠭᠠᠯᠲᠤ ᠬᠤᠭᠤᠯᠠᠨ ᠬᠡᠷ ᠨᠢ ᠲᠡᠭᠦᠨ ᠤ ᠬᠤᠭᠤᠯᠠ ᠢᠳᠡᠬᠦ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠨᠠᠩ ᠴᠤ ᠨᠡᠶᠢᠭᠡᠮ ᠲᠣᠭᠤᠷᠢᠭ ᠤᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠲᠡᠭᠦᠨ ᠳᠤ ᠦᠨᠡᠨ ᠬᠦ ᠮᠡᠳᠡᠷᠡᠭᠦᠯᠵᠡᠶ᠃        ︽ᠪᠢᠳᠡ ᠡᠳᠦᠷ ᠪᠦᠷᠢ 12 — 14 ᠵᠦᠢᠯ ᠤᠨ ᠨᠣᠭᠤᠭ᠎ᠠ ᠪᠡᠯᠡᠳᠭᠡᠵᠦ ᠪᠠᠶᠢᠨ᠎ᠠ᠃ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠨ ᠵᠥᠪᠬᠡᠨ 10 ᠲᠥᠭᠦᠷᠢᠭ ᠢᠶᠠᠨ ᠵᠠᠷᠤᠴᠠᠭᠤᠯᠪᠠᠯ ᠪᠤᠯᠴᠢᠬᠠᠨ᠎ᠠ᠃ ᠪᠦᠬᠦᠯᠢ 90 ᠨᠠᠰᠤᠨ ᠠᠴᠠ ᠳᠡᠭᠡᠭᠰᠢᠬᠢ ᠨᠠᠰᠤᠲᠠᠨ ᠳᠤ ᠡᠳᠦᠷ ᠪᠦᠷᠢ ᠨᠢᠭᠡ ᠴᠠᠭ ᠤᠨ ᠬᠤᠭᠤᠯᠠ ᠶᠢ ᠰᠦᠢᠳᠭᠡᠯ ᠬᠤᠷᠢᠶᠠᠬᠤ ᠦᠭᠡᠢ ᠪᠠᠷ ᠬᠠᠨᠭ᠍ᠭᠠᠵᠦ ᠪᠤᠢ᠃ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠪᠢᠳᠡ ᠪᠠᠰᠠ ᠭᠡᠷ ᠲᠤᠨᠢ ᠬᠤᠭᠤᠯᠠ ᠬᠦᠷᠭᠡᠬᠦ ᠦᠢᠯᠡᠴᠢᠯᠡᠭᠡ ᠬᠠᠩᠭᠠᠵᠤ ᠪᠤᠢ︾ ᠭᠡᠵᠦ ᠲᠧᠩ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠬᠡᠷ ᠤᠨ ᠬᠠᠷᠢᠭᠤᠴᠠᠯᠭᠠᠲᠠᠨ ᠳ᠋ᠠᠶ ᠰᠢ ᠳ᠋ᠦᠩ ᠲᠠᠨᠢᠯᠴᠠᠭᠤᠯᠵᠦ ᠪᠠᠶᠢᠯ᠎ᠠ᠃        ᠵᠣᠯ ᠵᠢᠷᠭᠠᠯᠲᠤ ᠬᠤᠭᠤᠯᠠᠨ ᠭᠡᠷ ᠤᠨ ᠡᠵᠡᠩᠨᠡᠯᠲᠡ ᠪᠣᠯ ᠬᠢᠩᠭᠠᠨ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠥᠷᠨᠢᠩᠭᠦᠢ ᠬᠥᠭᠵᠢᠯᠲᠡ ᠶᠢᠨ ᠠᠮᠢᠳᠤᠯᠢᠭ ᠵᠢᠷᠤᠭᠯᠠᠯ ᠪᠣᠯᠤᠨ᠎ᠠ᠃ ︽ᠣᠶᠢᠷ᠎ᠠ ᠶᠢᠨ ᠵᠢᠯ ᠳᠤ᠂ ᠬᠢᠩᠭᠠᠨ ᠠᠶᠢᠮᠠᠭ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠣᠯᠠᠨ ᠡᠰᠢᠴᠢᠯᠡᠭᠰᠡᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠬᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠬᠦ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠨᠠᠰᠤᠲᠠᠶᠢᠴᠤᠳ ᠤᠨ ᠵᠣᠯ ᠵᠢᠷᠭᠠᠯᠲᠤ ᠳᠦᠷᠦᠭᠳᠡᠯ ᠢ ᠳᠠᠰᠤᠷᠠᠯᠳᠠ ᠦᠭᠡᠢ ᠳᠡᠭᠡᠭᠰᠢᠯᠡᠬᠦᠯᠵᠡᠢ᠃ ᠣᠳᠣᠬᠠᠨ ᠳᠤ᠂ ᠬᠢᠩᠭᠠᠨ ᠠᠶᠢᠮᠠᠭ ᠲᠤ ᠨᠢᠭᠡᠨᠲᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 64᠂ ᠲᠣᠰᠬᠤᠨ ︵ᠨᠡᠶᠢᠭᠡᠮ ᠲᠣᠭᠤᠷᠢᠭ︶ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 435᠂ ᠵᠣᠯ ᠵᠢᠷᠭᠠᠯᠲᠤ ᠬᠤᠭᠤᠯᠠᠨ ᠬᠡᠷ ᠢ 31 ᠪᠠᠶᠢᠭᠤᠯᠤᠭᠰᠠᠨ ᠪᠠᠶᠢᠨ᠎ᠠ᠃ ᠪᠠᠰᠠ ︽ᠠᠰᠠᠷᠠᠨ ᠲᠡᠵᠢᠭᠡᠬᠦ ᠬᠠᠮᠲᠤ ᠶᠢᠨ ᠴᠣᠭᠴᠠ︾ ᠶᠢᠨ ᠬᠠᠪᠰᠤᠷᠤᠯᠴᠠᠬᠤ ᠳᠤᠭᠤᠶᠢᠯᠠᠩ ᠢ 1013 ᠪᠠᠶᠢᠭᠤᠯᠵᠤ᠂ 850 ᠵᠠᠰᠠᠭ ᠵᠠᠬᠢᠷᠭᠠᠨ ᠤ ᠲᠣᠰᠬᠤᠨ᠂ 163 ᠨᠡᠶᠢᠭᠡᠮ ᠲᠣᠭᠤᠷᠢᠭ ᠢ ᠬᠠᠮᠤᠷᠬᠤ ᠶᠢᠨ ᠬᠠᠮᠲᠤ 96111 ᠨᠠᠰᠤᠲᠠᠶᠢᠴᠤᠳ ᠲᠤ ᠦᠢᠯᠡᠴᠢᠯᠡᠬᠦ ᠬᠠᠯᠠᠮᠰᠢᠯ ᠤᠲᠠᠰᠤ ᠶᠢ ᠪᠥᠬᠦ ᠲᠠᠯ᠎ᠠ ᠪᠠᠷ ᠨᠡᠪᠲᠡᠷᠡᠭᠦᠯᠵᠦ᠂ 6 ᠬᠤᠰᠢᠭᠤ ᠰᠢᠶᠠᠨ ᠬᠤᠲᠠ ᠶᠢᠨ ᠤᠶᠤᠨᠴᠢ ᠨᠠᠰᠤᠵᠢᠯ ᠤᠨ ᠠᠰᠠᠷᠠᠮᠵᠢ ᠶᠢᠨ ᠳᠣᠭᠢᠷᠠᠭᠤᠯᠤᠨ ᠵᠢᠯᠣᠭᠤᠳᠬᠤ ᠲᠥᠪ ᠢ ᠨᠢᠭᠡᠨᠲᠡ ᠠᠰᠢᠭᠯᠠᠯᠲᠠ ᠳᠤ ᠣᠷᠣᠭᠤᠯᠪᠠ︾ ᠭᠡᠵᠦ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠵᠢᠶᠦ᠋ᠨ ᠬᠡᠯᠡᠵᠦ ᠪᠠᠶᠢᠯ᠎ᠠ᠃        ᠲᠦᠴᠢᠦᠸᠠᠨ ᠰᠢᠶᠠᠨ ᠤ ᠯᠢᠦ ᠬᠤ᠋ ᠪᠠᠯᠭᠠᠰᠤ ᠶᠢᠨ ᠵᠢᠤᠢ ᠴᠠᠩ ᠲᠣᠰᠬᠤᠨ ᠤ ᠵᠣᠯ ᠵᠢᠷᠭᠠᠯᠲᠤ ᠬᠦᠷᠢᠶᠡᠯᠡᠩ ᠤᠨ 56 ᠨᠠᠰᠤᠲᠠᠶ ᠯᠢ ᠯᠢᠶᠠᠨ ᠱᠧᠩ ᠣᠷᠣᠨ ᠰᠠᠭᠤᠴᠠ ᠥᠬᠡᠶ ᠪᠠᠶᠢᠭᠰᠠᠨ ᠠᠴᠠ ᠤᠳᠥ ᠵᠣᠯ ᠵᠢᠷᠭᠠᠯᠲᠤ ᠠᠮᠢᠳᠤᠷᠠᠯ ᠢ ᠡᠳ᠋ᠯᠡᠵᠤ ᠪᠠᠶᠢᠨ᠎ᠠ᠃ ︽ᠨᠠᠮ ᠤᠨ ᠲᠥᠷᠥ ᠶᠢᠨ ᠪᠣᠳᠣᠯᠭ᠎ᠠ ᠦᠨᠡᠬᠡᠷ ᠰᠠᠶᠢᠨ ᠪᠠᠶᠢᠨ᠎ᠠ᠂ ᠪᠢᠳᠡᠨ ᠠᠴᠠ ᠰᠦᠢᠳᠭᠡᠯ ᠬᠤᠷᠢᠶᠠᠬᠤ ᠦᠭᠡᠶ ᠪᠠᠷ ᠣᠷᠣᠨ ᠰᠠᠭᠤᠴᠠ ᠬᠠᠨᠭ᠍ᠭᠠᠨ ᠦᠭᠴᠦ ᠪᠤᠢ︾ ᠭᠡᠵᠦ ᠯᠢ ᠯᠢᠶᠠᠨ ᠱᠧᠩ ᠮᠠᠰᠢ ᠪᠠᠶᠠᠷᠯᠠᠨ ᠬᠡᠯᠡᠪᠡ᠃        ᠵᠢᠤᠢ ᠴᠠᠩ ᠲᠣᠰᠬᠤᠨ ᠤ ᠵᠣᠯ ᠵᠢᠷᠭᠠᠯᠳᠥ ᠬᠦᠷᠢᠶᠡᠯᠡᠩ ᠤᠨ ᠲᠥᠬᠦᠭᠡᠷᠦᠮᠵᠢ ᠪᠦᠷᠢᠨ᠂ ᠲᠧᠯᠸᠢᠰ᠂ ᠲᠣᠭᠤᠭᠠᠨ ᠬᠡᠷ᠂ ᠵᠣᠷᠯᠣᠩ ᠵᠡᠷᠭᠡ ᠨᠢ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ ᠪᠠᠶᠢᠨ᠎ᠠ᠃ ᠲᠤᠰᠬᠤᠨ ᠤ ᠠᠷᠠᠳ ᠤᠨ ᠵᠥᠪᠯᠡᠯ ᠠᠴᠠ ᠨᠢᠭᠡᠳᠦᠯᠲᠡᠶ ᠬᠠᠮᠢᠶᠠᠷᠴᠤ᠂ ᠨᠢᠭᠡᠳᠦᠯᠲᠡᠶ ᠦᠢᠯᠡᠴᠢᠯᠡᠨ᠂ ᠬᠦᠷᠢᠶᠡᠯᠡᠩ ᠤᠨ ᠠᠷᠠᠳ ᠬᠤᠭᠤᠷᠣᠨᠳᠣ ᠪᠠᠨ ᠬᠠᠷᠢᠯᠴᠠᠨ ᠬᠠᠪᠰᠤᠷᠤᠯᠴᠠᠵᠤ᠂ ᠬᠦᠷᠢᠶᠡᠯᠡᠩ ᠤᠨ ᠨᠠᠰᠤᠲᠠᠶᠢᠴᠤᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠢᠯᠡᠳᠲᠡ ᠳᠡᠭᠡᠭᠰᠢᠯᠡᠪᠡ᠃ ᠲᠣᠰᠬᠤᠨ ᠠᠴᠠ ᠲᠣᠰᠬᠤᠨ ᠤ ᠡᠮᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠠᠰᠤᠲᠠᠶᠢᠴᠤᠳ ᠲᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠯᠭᠡᠬᠦ ᠪᠠᠷ ᠲᠣᠬᠢᠷᠠᠭᠤᠯᠤᠭᠰᠠᠨ ᠪᠥᠭᠡᠳ ᠪᠠᠰᠠ ᠡᠯᠪᠡᠭ ᠪᠠᠶᠠᠯᠢᠭ ᠵᠤᠭ᠎ᠠ ᠴᠡᠩᠭᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠣᠯ ᠵᠢᠷᠭᠠᠯᠳᠤ ᠬᠦᠷᠢᠶᠡᠯᠡᠩ ᠢ ᠦᠨᠡᠨ ᠬᠦ ᠨᠠᠰᠤᠲᠠᠶᠢᠴᠤᠳ ᠤᠨ ᠪᠠᠶᠠᠷ ᠬᠥᠷ ᠲᠠᠢ ᠬᠡᠷ ᠣᠷᠣᠨ ᠪᠣᠯᠭᠠᠭᠰᠠᠨ ᠪᠠᠶᠢᠨ᠎ᠠ᠃        ︽ᠲᠠ ᠰᠠᠶᠢᠨ ᠦᠦ᠂ ᠡᠨᠡ ᠪᠣᠯ ᠤᠯᠠᠭᠠᠨᠬᠤᠲᠠ ᠶᠢᠨ ᠣᠶᠤᠨᠴᠢ ᠨᠠᠰᠤᠵᠢᠯ ᠤᠨ ᠠᠰᠠᠷᠠᠮᠵᠢ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠲᠥᠪ ᠪᠤᠯᠤᠨ᠎ᠠ᠂ ᠲᠠ ᠠᠷᠢᠭᠤᠨ ᠴᠡᠪᠡᠷᠯᠡᠭᠴᠢ ᠶᠢᠨ ᠦᠢᠯᠡᠴᠢᠯᠡᠭᠡ ᠪᠣᠯᠵᠣᠬᠤ ᠱᠠᠭᠠᠷᠳᠠᠯᠭ᠎ᠠ ᠲᠠᠢ ᠤᠤ᠂ ᠬᠠᠶ᠋ᠢᠬ ᠢᠶᠠᠨ ᠬᠡᠯᠡᠭᠡᠳ ᠥᠭᠭᠦᠭᠡᠷᠡᠢ᠂ ᠪᠢᠳᠡ ᠠᠯᠢ ᠲᠦᠷᠭᠡᠨ ᠢᠶᠠᠷ ᠲᠠᠨ ᠳᠤ ᠲᠣᠬᠢᠷᠠᠭᠤᠯᠵᠤ ᠦᠭᠭᠦᠶ᠎ᠠ︾ ᠭᠡᠵᠦ ᠤᠯᠠᠭᠠᠨᠬᠤᠲᠠ ᠶᠢᠨ ᠤᠶᠤᠨᠴᠢ ᠨᠠᠰᠤᠵᠢᠯ ᠤᠨ ᠠᠰᠠᠷᠠᠮᠵᠢ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠲᠥᠪ ᠤᠨ ᠠᠵᠢᠯᠲᠠᠨ ᠬᠠᠯᠠᠮᠰᠢᠯ ᠤᠲᠠᠰᠤ ᠳᠤᠰᠤᠨ ᠶᠠᠭᠠᠷᠠᠯᠳᠤᠵᠦ ᠪᠠᠶᠢᠯ᠎ᠠ᠃        ︽ᠣᠳᠣᠬᠠᠨ ᠳᠤ ᠮᠠᠰᠢ ᠣᠯᠠᠨ ᠨᠠᠰᠤᠳᠠᠶᠢᠴᠤᠤᠨ ᠭᠡᠷ ᠤᠨ ᠠᠵᠢᠯ ᠢᠶᠠᠨ ᠪᠡᠶ᠎ᠡ ᠪᠠᠨ ᠳᠠᠭᠠᠭᠠᠵᠤ ᠬᠢᠵᠦ ᠳᠡᠶᠢᠯᠬᠦ ᠦᠭᠡᠶ ᠪᠤᠯᠵᠠᠢ᠂ 96111 ᠨᠠᠰᠤᠲᠠᠨ ᠳᠤ ᠦᠢᠯᠡᠴᠢᠯᠡᠬᠦ ᠬᠠᠯᠠᠮᠰᠢᠯ ᠤᠲᠠᠰᠤᠨ ᠳᠤ ᠤᠲᠠᠰᠤᠳᠠᠵᠤ ᠬᠠᠪᠰᠤᠷᠤᠯᠭ᠎ᠠ ᠭᠤᠶᠤᠴᠢᠯᠠᠬᠰᠡᠨ ᠤ ᠳᠠᠷᠠᠭ᠎ᠠ᠂ ᠠᠵᠢᠯᠲᠠᠳ ᠲᠡᠷᠡ ᠳᠠᠷᠤᠶ ᠭᠡᠷ ᠲᠤ ᠢᠷᠠᠵᠥ ᠭᠡᠷ ᠤᠨ ᠳᠣᠲᠣᠨ᠎ᠠ ᠭᠠᠳᠠᠨᠠᠬᠢ ᠶᠢ ᠴᠡᠪᠡᠷᠯᠡᠭᠡᠳ ᠦᠭᠭᠦᠴᠢᠭᠡᠨ᠎ᠠ︾ ᠭᠡᠵᠦ ᠤᠯᠠᠭᠠᠨᠬᠤᠳᠠ ᠶᠢᠨ ᠰᠠᠭᠤᠭᠠᠯᠢ ᠠᠷᠠᠳ ᠾᠧ ᠸᠧᠨ ᠰᠢᠶᠠ ᠬᠡᠯᠡᠪᠡ᠃        ︽96111 ᠨᠠᠰᠤᠲᠠᠨ ᠳᠤ ᠦᠢᠯᠡᠴᠢᠯᠡᠬᠦ ᠬᠠᠯᠠᠮᠰᠢᠯ ᠤᠲᠠᠰᠤ ᠶᠢ ᠨᠡᠪᠳᠡᠷᠡᠭᠦᠯᠦᠭᠰᠡᠨ ᠠᠴᠠ ᠨᠠᠭᠠᠰᠢ᠂ ᠴᠦᠭᠡᠨ ᠪᠤᠰᠦ ᠨᠠᠰᠦᠳᠠᠶᠢᠴᠤᠳ ᠤᠨ ᠬᠠᠷᠢᠭᠤ ᠳᠤᠰᠬᠠᠯ ᠮᠠᠰᠢ ᠰᠠᠶᠢᠨ ᠪᠠᠶᠢᠵᠦ᠂ ᠮᠠᠨ ᠤ ᠳᠦᠪ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠤ ᠴᠢᠭᠯᠡᠯ ᠬᠠᠨᠭ᠍ᠭᠠᠨᠰᠠᠨ ᠪᠠᠶᠢᠨ᠎ᠠ︾ ᠭᠡᠵᠦ ᠤᠯᠠᠭᠠᠨᠬᠤᠲᠠ ᠶᠢᠨ ᠤᠶᠤᠨᠴᠢ ᠨᠠᠰᠤᠵᠢᠯ ᠤᠨ ᠠᠰᠠᠷᠠᠮᠵᠢ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠲᠥᠪ ᠤᠨ ᠠᠵᠢᠯᠲᠠᠨ ᠴᠧᠨ ᠶᠠᠨ ᠬᠡᠯᠡᠵᠦ ᠪᠠᠶᠢᠯ᠎ᠠ᠃ ︵ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号