ᠬᠢᠩᠭᠠᠨ ᠠᠶᠢᠮᠠᠭ ᠭᠡᠭᠡᠷ᠎ᠠ ᠶᠢᠨ ᠠᠮᠢᠳᠠᠨ ᠤᠷᠭᠤᠮᠠᠯ ᠢ ᠬᠠᠥᠯᠢ ᠪᠤᠰᠤ ᠪᠠᠷ ᠠᠷᠠᠯᠵᠢᠶᠠᠯᠠᠬᠤ ᠳᠤ ᠴᠤᠬᠢᠯᠳᠠ ᠦᠭᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/6
        ᠭᠡᠭᠡᠷ᠎ᠠ ᠶᠢᠨ ᠠᠮᠢᠳᠠᠨ ᠤᠷᠭᠤᠮᠠᠯ ᠢ ᠬᠠᠥᠯᠢ ᠪᠤᠰᠤ ᠪᠠᠷ ᠠᠷᠠᠯᠵᠢᠶᠠᠯᠠᠬᠤ ᠳᠤ ᠴᠤᠬᠢᠯᠳᠠ ᠦᠭᠬᠦ ᠬᠤᠯᠪᠤᠭᠠᠳᠤ ᠬᠤᠷᠠᠯ ᠤᠨ ᠲᠦᠷᠢᠮ ᠤᠨ ᠦᠢᠯᠡᠳᠤᠯ ᠢ ᠬᠦᠢᠴᠡᠳ ᠪᠠᠳᠠᠷᠠᠭᠤᠯᠬᠤ ᠪᠠᠷ ᠣᠶᠢᠷ᠎ᠠ ᠶᠢᠨ ᠡᠳᠤᠷ᠂ ᠠᠶᠢᠮᠠᠭ ᠤᠨ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ ᠠᠴᠠ ᠠᠶᠢᠮᠠᠭ ᠤᠨ ᠤᠯᠤᠰ ᠲᠦᠷᠥ ᠬᠠᠥᠯᠢ ᠴᠠᠭᠠᠵᠠ ᠶᠢᠨ ᠲᠤᠪᠴᠢᠶ᠎ᠠ᠂ ᠮᠡᠳᠡᠭᠡ ᠵᠠᠩᠬᠢᠵᠢᠯᠳᠠ ᠶᠢᠨ ᠠᠯᠪᠠᠨ ᠭᠡᠷ᠂ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠰᠢᠥᠳᠠᠨ ᠤ ᠬᠠᠮᠢᠶᠠᠷᠤᠯᠳᠠ ᠶᠢᠨ ᠲᠤᠪᠴᠢᠶ᠎ᠠ ᠲᠠᠢ ᠬᠠᠮᠳᠤᠷᠠᠨ᠂ 2025 ᠤᠨ ᠤ ᠭᠡᠭᠡᠷ᠎ᠠ ᠶᠢᠨ ᠠᠮᠢᠳᠠᠨ ᠤᠷᠭᠤᠮᠠᠯ ᠢ ᠬᠠᠤᠯᠢ ᠪᠤᠰᠤ ᠪᠠᠷ ᠠᠷᠠᠯᠵᠢᠶᠠᠯᠠᠬᠤ ᠳᠤ ᠴᠤᠬᠢᠯᠳᠠ ᠦᠭᠬᠦ ᠬᠤᠯᠪᠤᠭᠠᠳᠤ ᠬᠤᠷᠠᠯ ᠬᠤᠷᠠᠯᠳᠤᠭᠤᠯᠪᠠ᠃        ᠬᠤᠷᠠᠯ ᠠᠴᠠ ᠤᠯᠤᠰ ᠤᠨ ︽ᠤᠷᠢᠬᠠᠨ ᠬᠠᠪᠤᠷ ᠤᠨ ᠠᠵᠢᠯᠯᠠᠭ᠎ᠠ 2025︾ ᠠᠵᠢᠯ ᠤᠨ ᠲᠦᠰᠥᠪ ᠪᠠ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ 2024 ᠤᠨ ᠤ ᠠᠵᠢᠯ ᠢᠶᠠᠨ ᠳ᠋ᠦᠩᠨᠡᠭᠦ ᠶᠢᠨ ᠬᠠᠮᠳᠤ 2025 ᠤᠨ ᠤ ᠭᠡᠭᠡᠷ᠎ᠠ ᠶᠢᠨ ᠠᠮᠢᠳᠠᠨ ᠤᠷᠭᠤᠮᠠᠯ ᠢ ᠬᠠᠥᠯᠢ ᠪᠤᠰᠤ ᠪᠠᠷ ᠠᠷᠠᠯᠵᠢᠶᠠᠯᠠᠬᠤ ᠳᠤ ᠴᠤᠬᠢᠯᠳᠠ ᠥᠭᠬᠦ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠠᠶᠢᠮᠠᠭ ᠤᠨ ︽ᠤᠷᠢᠬᠠᠨ ᠬᠠᠪᠤᠷ ᠤᠨ ᠠᠵᠢᠯᠯᠠᠭ᠎ᠠ 2025︾ ᠠᠵᠢᠯ ᠳᠤ ᠪᠠᠶᠢᠷᠢᠯᠠᠭᠤᠯᠤᠯᠳᠠ ᠬᠢᠪᠡ᠃ ᠬᠤᠷᠠᠯ ᠳᠤ ᠤᠷᠤᠯᠴᠠᠭᠰᠠᠨ ᠨᠢᠭᠡᠴᠢ ᠠᠴᠠ ᠬᠤᠪᠢ ᠶᠢᠨ ᠡᠬᠦᠷᠭᠡ ᠴᠢᠳᠠᠪᠬᠢ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠵᠠᠢ᠃        ᠲᠤᠰ ᠤᠳᠠᠭᠠᠨ ᠤ ᠬᠤᠷᠠᠯ ᠨᠢ ᠭᠡᠭᠡᠷ᠎ᠠ ᠶᠢᠨ ᠠᠮᠢᠳᠠᠨ ᠤᠷᠭᠤᠮᠠᠯ ᠢ ᠬᠠᠥᠯᠢ ᠪᠤᠰᠤ ᠪᠠᠷ ᠠᠷᠠᠯᠵᠢᠶᠠᠯᠬᠠᠤ ᠳᠤ ᠴᠤᠬᠢᠯᠳᠠ ᠦᠭᠬᠦ ᠬᠤᠯᠪᠤᠭᠠᠳᠤ ᠬᠤᠷᠠᠯ ᠢ ᠡᠷᠬᠢᠯᠡᠬᠦ ᠪᠠᠷ ᠲᠠᠮᠵᠢᠨ᠂ ᠭᠠᠵᠠᠷ ᠤᠷᠤᠨ ᠤ ᠬᠤᠭᠤᠷᠤᠨᠳᠤ᠂ ᠰᠠᠯᠠᠭ᠎ᠠ ᠮᠦᠴᠢᠷ ᠤᠨ ᠬᠤᠭᠤᠷᠤᠨᠳᠤᠬᠢ ᠬᠠᠷᠢᠯᠴᠠᠭ᠎ᠠ ᠪᠠᠨ ᠴᠢᠩᠭᠠᠳᠬᠠᠵᠤ᠂ ᠭᠡᠭᠡᠷ᠎ᠠ ᠶᠢᠨ ᠠᠮᠢᠳᠠᠨ ᠤᠷᠭᠤᠮᠠᠯ ᠢ ᠠᠩᠨᠠᠨ ᠪᠠᠷᠢᠬᠤ᠂ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ᠂ ᠵᠦᠭᠡᠭᠡᠪᠤᠷᠢᠯᠡᠬᠦ᠂ ᠢᠯᠡᠭᠡᠬᠦ ᠵᠡᠷᠭᠡ ᠭᠤᠭᠴᠤᠭ᠎ᠠ ᠶᠢᠨ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠬᠠᠮᠳᠤᠪᠠᠷ ᠰᠦᠯᠵᠢᠶᠡᠨ ᠲᠡᠭᠡᠷ᠎ᠠ ᠪᠠ ᠪᠤᠳᠠᠳᠤ ᠴᠤᠭᠴᠠ ᠳᠤ ᠬᠠᠥᠯᠢ ᠪᠤᠰᠤ ᠪᠠᠷ ᠠᠷᠠᠯᠵᠢᠶᠠᠯᠠᠬᠤ ᠠᠵᠢᠯᠯᠠᠭᠠᠨ ᠳᠤ ᠴᠤᠬᠢᠯᠳᠠ ᠦᠭᠴᠤ᠂ ᠠᠵᠢᠯᠯᠠᠭᠠᠨ ᠤ ᠪᠤᠳᠠᠳᠤ ᠦᠷ᠎ᠠ ᠠᠰᠢᠭ ᠤᠯᠬᠤ ᠶᠢ ᠪᠠᠳᠤᠯᠠᠬᠤ ᠬᠡᠷᠡᠭᠳᠡᠢ ᠭᠡᠵᠤ ᠱᠠᠭᠠᠷᠳᠠᠪᠠ᠃ ᠬᠠᠪᠤᠷ ᠤᠨ ᠤᠯᠠᠷᠢᠯ ᠪᠤᠯ ᠰᠢᠪᠠᠭᠤ ᠨᠡᠬᠦᠳᠡᠯᠯᠡᠬᠦ ᠵᠠᠩᠬᠢᠯᠠᠭ᠎ᠠ ᠶᠢᠨ ᠬᠤᠭᠤᠴᠠᠭ᠎ᠠ᠂ ᠬᠠᠥᠯᠢ ᠴᠠᠭᠠᠵᠠ ᠠᠴᠠ ᠵᠦᠷᠢᠴᠡᠭᠰᠡᠨ ᠬᠡᠷᠡᠭ ᠢ ᠲᠠᠩᠨᠠᠨ ᠰᠶᠢᠳᠪᠤᠷᠢᠯᠡᠬᠦ ᠪᠠᠨ ᠴᠢᠩᠭᠠᠳᠬᠠᠨ᠂ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠠᠮᠢᠳᠠᠨ ᠤᠷᠭᠤᠮᠠᠯ ᠳᠤ ᠬᠤᠯᠪᠤᠭᠳᠠᠭᠰᠠᠨ ᠵᠢᠴᠢ ᠲᠤᠤᠷ ᠢᠶᠠᠷ ᠠᠩᠨᠠᠬᠤ᠂ ᠰᠦᠨᠤᠭᠡᠬᠦ ᠴᠢᠨᠠᠷᠳᠠᠢ ᠪᠠᠷ ᠪᠦᠰᠡᠯᠡᠨ ᠪᠠᠷᠢᠪᠴᠢᠯᠠᠬᠤ ᠵᠡᠷᠭᠡ ᠠᠷᠭ᠎ᠠ ᠪᠠᠷ ᠬᠠᠥᠯᠢ ᠪᠤᠰᠤ ᠪᠠᠷ ᠭᠡᠭᠡᠷ᠎ᠠ ᠶᠢᠨ ᠠᠮᠢᠳᠠᠨ ᠤᠷᠭᠤᠮᠠᠯ ᠢ ᠠᠩᠨᠠᠬᠤ ᠦᠢᠯᠠ ᠠᠵᠢᠯᠯᠠᠭ᠎ᠠ ᠶᠢ ᠬᠠᠥᠯᠢ ᠴᠠᠭᠠᠵᠠ ᠪᠠᠷ ᠬᠦᠨᠳᠤ ᠪᠠᠷ ᠰᠶᠢᠳᠭᠡᠨ᠂ ᠬᠦᠴᠤᠷᠬᠡᠭ ᠶᠡᠭᠡ ᠰᠦᠷᠳᠡᠬᠦᠯᠤᠯ ᠢ ᠪᠤᠢ ᠪᠤᠯᠭᠠᠬᠤ ᠬᠡᠷᠡᠭᠳᠠᠢ︔ ᠷᠠᠳᠢᠣ᠋᠂ ᠲᠧᠯᠸᠢᠰ᠂ ᠸᠢᠴᠠᠲ᠂ ᠤᠬᠤᠷ ᠸᠢᠳᠢᠣ᠋᠂ ᠲᠤᠬᠠᠢ ᠶᠢᠨ ᠲᠠᠯᠠᠪᠠᠢ ᠶᠢᠨ ᠤᠬᠠᠭᠤᠯᠭ᠎ᠠ ᠵᠡᠷᠭᠡ ᠠᠷᠭ᠎ᠠ ᠠᠪᠴᠠᠯ ᠢ ᠬᠦᠢᠴᠡᠳ ᠠᠰᠢᠭᠯᠠᠵᠤ᠂ ᠤᠯᠠᠨ ᠠᠷᠭ᠎ᠠ ᠵᠠᠮ ᠢᠶᠠᠷ ᠤᠯᠠᠨ ᠲᠦᠮᠡᠨ ᠳᠤ ᠬᠠᠮᠢᠶ᠎ᠠ ᠪᠦᠬᠦᠢ ᠬᠠᠥᠯᠢ ᠴᠠᠭᠠᠵᠠ ᠶᠢᠨ ᠮᠡᠳᠡᠯᠭᠡ ᠶᠢ ᠤᠬᠠᠭᠤᠯᠤᠨ᠂ ᠭᠡᠭᠡᠷ᠎ᠠ ᠶᠢᠨ ᠠᠮᠢᠳᠠᠨ ᠤᠷᠭᠤᠮᠠᠯ ᠢ ᠬᠠᠮᠠᠭᠠᠯᠠᠬᠤ ᠪᠠ ᠬᠠᠥᠯᠢ ᠴᠠᠭᠠᠵᠠ ᠶᠢ ᠰᠠᠬᠢᠬᠤ ᠲᠠᠨᠢᠯᠳᠠ ᠶᠢ ᠨᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠭᠡᠭᠡᠷ᠎ᠡ ᠶᠢᠨ ᠠᠮᠢᠳᠠᠨ ᠤᠷᠭᠤᠮᠠᠯ ᠢ ᠬᠠᠶᠢᠷᠠᠯᠠᠨ ᠬᠠᠮᠠᠭᠠᠯᠠᠬᠤ ᠤᠬᠢ ᠰᠠᠶᠢᠨ ᠤᠷᠴᠢᠨ ᠢ ᠡᠬᠦᠳᠬᠦ ᠬᠡᠷᠡᠭᠳᠡᠢ ᠭᠡᠪᠡ᠃ ︵ᠰᠢᠥᠢ ᠯᠢᠶᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号