ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠢᠩᠭᠠᠨ ᠠᠶᠢᠮᠠᠭ ᠤᠨ ᠠᠷᠠᠳ ᠣᠯᠠᠨ ᠤ ᠡᠷᠡᠬᠦᠯ ᠮᠡᠨᠳᠦ ᠳᠤ ᠪᠠᠳᠤᠯᠠᠭ᠎ᠠ ᠬᠠᠨᠭ᠍ᠭᠠᠨ᠎ᠠ
ᠨᠡᠶᠢᠲᠡᠯᠡᠭᠰᠡᠨ ᠴᠠᠭ᠄
2025/3/6
        ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠡᠮ ᠡᠮᠨᠡᠯᠭᠡ ᠶᠢᠨ ᠬᠠᠪᠰᠤᠷᠤᠨ ᠲᠡᠳᠬᠦᠬᠦ ᠠᠯᠢ ᠣᠯᠠᠨ ᠠᠵᠢᠯᠯᠠᠭ᠎ᠠ ᠨᠢ ᠡᠮᠬᠢ ᠵᠢᠷᠤᠮ ᠲᠠᠢ ᠦᠷᠨᠢᠵᠦ᠂ ᠬᠢᠩᠭᠠᠨ ᠠᠶᠢᠮᠠᠭ ᠤᠨ ᠠᠷᠠᠳ ᠣᠯᠠᠨ ᠳᠤ ᠦᠨᠡᠨ ᠪᠣᠳᠠᠲᠠᠶ ᠡᠮ ᠡᠮᠨᠡᠯᠭᠡ ᠶᠢᠨ ᠬᠠᠪᠰᠤᠷᠤᠮᠵᠢ ᠳᠡᠮᠵᠢᠯᠭᠡ ᠠᠪᠴᠢᠷᠠᠵᠤ ᠥᠭᠴᠡᠶ᠃        ︽ᠪᠡᠭᠡᠵᠢᠩ ᠳᠤ ᠤᠴᠢᠵᠦ ᠡᠪᠡᠳᠴᠢᠨ ᠦᠵᠡᠬᠦᠯᠬᠦ ᠨᠢ ᠵᠠᠮ ᠬᠤᠯᠠ᠂ ᠰᠦᠢᠳᠭᠡᠯ ᠢᠯᠡᠬᠦᠤ ᠪᠦᠭᠡᠳ ᠨᠤᠮᠤᠷ ᠠᠪᠬᠤ ᠳᠤ ᠲᠦᠢᠯ ᠤᠨ ᠶᠠᠷᠰᠢᠬ ᠲᠠᠢ ᠶᠤᠮ᠃ ᠣᠳᠣ ᠪᠡᠭᠡᠵᠢᠩ ᠤᠨ ᠲᠤᠰᠬᠠᠶ ᠮᠡᠷᠭᠡᠵᠢᠯᠲᠡᠨ ᠰᠢᠭᠤᠳ ᠲᠣᠰᠬᠤᠨ ᠳᠤ ᠢᠷᠡᠵᠦ ᠠᠯᠪᠠᠨ ᠵᠢᠷᠤᠮ ᠤᠨ ᠡᠮᠴᠢᠯᠡᠭᠡ ᠬᠢᠵᠦ ᠦᠭᠴᠦ᠂ ᠮᠠᠨᠤᠰ ᠲᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠨᠭ᠍ᠭᠠᠬᠰᠠᠨ ᠢᠶᠠᠷ ᠪᠠᠷᠠᠬᠤ ᠦᠭᠡᠢ ᠠᠵᠤ ᠠᠬᠤᠶ ᠶᠢᠨ ᠳᠠᠷᠤᠭᠠᠰᠤ ᠶᠢ ᠴᠤ ᠬᠥᠩᠭᠡᠷᠡᠭᠦᠯᠵᠡᠶ︾ ᠭᠡᠵᠦ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠡᠦ ᠳ᠋ᠤᠤ ᠾᠧ ᠽᠢ ᠳᠤᠰᠬᠤᠨ ᠤ ᠨᠢᠭᠡᠨ ᠰᠠᠭᠤᠭᠠᠯᠢ ᠠᠷᠠᠳ ᠶᠠᠷᠢᠵᠦ ᠪᠠᠶᠢᠯ᠎ᠠ᠃        ᠲᠦᠷᠦᠭᠦᠬᠡᠨ᠂ ᠪᠡᠭᠡᠵᠢᠩ ᠠᠴᠠ ᠢᠷᠡᠭᠰᠡᠨ ᠡᠮᠴᠢᠯᠡᠭᠡᠨ ᠤ ᠬᠠᠪᠰᠤᠷᠤᠨ ᠲᠡᠳᠬᠦᠬᠦ ᠪᠦᠯᠬᠦᠮ ᠤᠨ ᠲᠤᠰᠬᠠᠶ ᠮᠡᠷᠭᠡᠵᠢᠯᠲᠡᠨ ᠬᠢᠭᠡᠳ ᠵᠠᠯᠠᠶᠢᠳ ᠬᠤᠰᠢᠭᠤᠨ ᠤ ᠨᠢᠭᠡᠳᠦᠭᠡᠷ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠬᠤᠯᠪᠣᠭ᠎ᠠ ᠪᠠᠯᠭᠠᠰᠤᠨ ᠤ ᠡᠤ ᠳ᠋ᠤᠤ ᠾᠧ ᠽᠢ ᠲᠣᠰᠬᠤᠨ ᠪᠤᠯᠤᠨ ᠡᠤ ᠵᠢᠶᠠ ᠽᠢ ᠲᠣᠰᠬᠤᠨ ᠢᠶᠠᠷ ᠬᠦᠷᠴᠦ ᠳᠤᠰᠬᠤᠨ ᠤ ᠤᠯᠠᠨ ᠲᠦᠮᠡᠨ ᠳᠤ ᠪᠡᠶ᠎ᠡ ᠶᠢᠨ ᠪᠠᠶᠢᠴᠠᠭᠠᠯᠲᠠ ᠬᠢᠵᠦ ᠦᠭᠴᠤ᠂ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰᠬᠠᠶ ᠮᠡᠷᠭᠡᠵᠢᠯ ᠤᠨ ᠣᠨᠣᠰᠢᠯᠠᠨ ᠡᠮᠨᠡᠬᠦ ᠰᠠᠨᠠᠭᠤᠯᠭ᠎ᠠ ᠪᠠ ᠡᠮ ᠬᠡᠷᠡᠭᠯᠡᠬᠦ ᠵᠢᠯᠣᠭᠤᠳᠣᠯᠭ᠎ᠠ ᠬᠠᠨᠭ᠍ᠭᠠᠵᠦ᠂ ᠲᠣᠰᠬᠤᠨ ᠤ ᠠᠷᠠᠳ ᠤᠨ ᠮᠠᠭᠲᠠᠭᠠᠯ ᠰᠠᠶᠢᠰᠢᠶᠠᠯ ᠢ ᠤᠯᠪᠠ᠃        ᠬᠢᠩᠭᠠᠨ ᠠᠶᠢᠮᠠᠭ ᠤᠨ 19 ᠡᠮᠴᠢᠯᠡᠭᠡᠨ ᠤ ᠪᠠᠶᠢᠭᠤᠯᠤᠮᠵᠢ ᠬᠢᠭᠡᠳ ᠪᠡᠭᠡᠵᠢᠩ ᠤᠨ ᠹᠧᠩᠲ᠋ᠠᠢ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠠᠨ ᠳ᠋ᠢᠩ ᠡᠮᠨᠡᠯᠭᠡ ᠶᠢᠨ ᠬᠤᠷᠢᠶ᠎ᠠ ᠵᠡᠷᠭᠡ 44 ᠪᠡᠭᠡᠵᠢᠩ ᠤᠨ ᠡᠮᠴᠢᠯᠡᠭᠡᠨ ᠤ ᠪᠠᠶᠢᠭᠤᠯᠤᠮᠵᠢ ᠲᠠᠢ ᠬᠠᠮᠵᠢᠯᠴᠠᠬᠤ ᠬᠠᠷᠢᠴᠠᠭ᠎ᠠ ᠪᠠᠶᠢᠭᠤᠯᠵᠤ᠂ ᠲᠤᠰᠬᠠᠶ ᠮᠡᠷᠭᠡᠵᠢᠯᠲᠡᠨ ᠢ ᠤᠷᠢᠵᠤ ᠬᠢᠩᠭᠠᠨ ᠠᠶᠢᠮᠠᠭ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠠᠭᠤᠯᠭᠠᠨ ᠡᠮᠴᠢᠯᠡᠬᠦᠯᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ᠂ ᠪᠡᠭᠡᠵᠢᠩ ᠬᠤᠲᠠ ᠶᠢᠨ ᠬᠠᠶᠢᠳᠢᠶᠠᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠳᠡᠳ᠋ ᠡᠷᠬᠢᠯᠡᠭᠴᠢ᠂ ᠳᠣᠲᠣᠷ ᠰᠠᠯᠠᠭᠠᠨ ᠤ ᠲᠤᠬᠠᠶᠢᠯᠠᠭᠰᠠᠨ ᠠᠵᠢᠯ ᠤᠨ ᠡᠷᠬᠢᠯᠡᠭᠴᠢ ᠭᠸᠡᠭ ᠰᠢᠤᠸᠠᠢ ᠹᠧᠩ ᠳᠤᠰᠢᠶᠠᠯ ᠬᠠᠪᠰᠤᠷᠭᠠᠬᠰᠠᠨ ᠵᠢᠯ ᠭᠠᠷᠤᠢ ᠶᠢᠨ ᠬᠤᠭᠤᠴᠠᠭᠠᠨ ᠳᠤ᠂ ᠲᠤᠬᠠᠶ ᠶᠢᠨ ᠭᠠᠵᠠᠷ ᠲᠤ ᠪᠥᠬᠦ ᠬᠦᠷᠢᠶ᠎ᠠ ᠴᠠᠷᠠᠭ᠎ᠠ ᠶᠢ ᠬᠠᠮᠤᠷᠤᠭᠰᠠᠨ᠂ ᠪᠥᠬᠦ ᠠᠷᠠᠳ ᠢᠶᠠᠷ ᠢᠶᠠᠨ ᠣᠷᠣᠯᠴᠠᠭᠰᠠᠨ᠂ ᠪᠥᠬᠦ ᠶᠠᠪᠤᠴᠠ ᠶᠢ ᠬᠠᠮᠢᠶᠠᠷᠤᠭᠰᠠᠨ ᠥᠨᠳᠥᠷ ᠪᠦᠲᠦᠮᠵᠢᠲᠡᠶ ᠵᠢᠷᠦᠬᠡ ᠴᠢᠰᠤᠨ ᠰᠤᠳᠠᠯ ᠤᠨ ᠡᠪᠡᠳᠴᠢᠨ ᠡᠮᠭᠡᠭ ᠢ ᠡᠮᠴᠢᠯᠡᠨ ᠵᠠᠰᠠᠬᠤ ᠲᠣᠤᠷ ᠰᠦᠯᠵᠢᠶᠠᠨ ᠤ ᠳᠠᠪᠴᠠᠩ ᠢ ᠰᠢᠨ᠎ᠠ ᠪᠠᠷ ᠡᠬᠦᠳᠴᠦ᠂ ᠥᠪᠥᠷ ᠮᠣᠩᠭᠤᠯ ᠤᠨ ᠠᠩᠬᠠᠳᠠᠭᠴᠢ ︽ᠴᠡᠭᠡᠵᠢ ᠡᠪᠡᠳᠬᠦ ᠲᠥᠪ︾ ᠤᠨ ᠭᠡᠷᠡᠴᠢᠯᠡᠯ ᠢ ᠣᠯᠤᠭᠰᠠᠨ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ ᠳᠤᠬᠠᠢ ᠶᠢᠨ ᠭᠠᠵᠠᠷ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠪᠠᠶᠢᠨ᠎ᠠ᠃        ᠲᠦᠷᠭᠡᠨ ᠡᠮᠴᠢᠯᠡᠬᠦ ᠡᠪᠡᠳᠴᠢᠲᠡᠨ ᠢ ᠬᠠᠮᠤᠭ ᠤᠨ ᠲᠦᠷᠭᠡᠨ ᠡᠮᠴᠢᠯᠡᠨ ᠵᠠᠰᠠᠬᠤ ᠶᠢᠨ ᠲᠥᠯᠥᠭᠡ᠂ ᠭᠸᠡᠭ ᠰᠢᠤᠸᠠᠢ ᠹᠧᠩ ᠤᠨ ᠰᠠᠨᠠᠭᠤᠯᠭ᠎ᠠ ᠪᠠᠷ 2023 ᠣᠨ ᠤ 12 ᠰᠠᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠣ ᠲᠦᠷᠭᠡᠨ ᠠᠪᠤᠷᠠᠯᠳᠠ ᠶᠢᠨ ᠬᠤᠪᠢᠶᠠᠷᠢ ᠲᠥᠪ ᠵᠢᠩᠬᠢᠨᠢ ᠪᠠᠷ ᠪᠠᠶᠢᠭᠤᠯᠤᠭᠳᠠᠪᠠ᠃ ᠲᠣᠰ ᠲᠦᠷᠭᠡᠨ ᠠᠪᠤᠷᠠᠯᠲᠠ ᠶᠢᠨ ᠲᠥᠪ ᠨᠢ ᠤᠯᠠᠭᠠᠨᠮᠣᠳᠣ ᠰᠤᠮᠤ᠂ ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠵᠡᠷᠭᠡ ᠭᠠᠵᠠᠷ ᠢ ᠬᠠᠮᠤᠷᠴᠦ᠂ ᠬᠡᠳᠦᠨ ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠲᠡᠬᠡᠵᠦ᠂ ᠨᠢᠭᠡᠨᠲᠡ 93 ᠬᠦᠨᠳᠦ ᠡᠪᠡᠳᠴᠢᠲᠡᠨ ᠢ ᠠᠪᠤᠷᠠᠨ ᠲᠤᠰᠠᠯᠠᠪᠠ᠃ ︽ᠡᠨᠡ ᠵᠢᠯ᠂ ᠪᠢᠳᠡ ᠴᠡᠭᠡᠵᠢ ᠡᠪᠡᠳᠬᠦ ᠲᠦᠪ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠠᠪᠰᠤᠷᠤᠨ ᠲᠦᠷᠭᠡᠨ ᠠᠪᠤᠷᠠᠨ ᠵᠠᠰᠠᠬᠤ ᠴᠢᠳᠠᠪᠤᠷᠢ ᠶᠢ ᠨᠢ ᠳᠡᠭᠡᠭᠰᠢᠯᠡᠬᠦᠯᠤᠨ᠎ᠠ︾ ᠭᠡᠵᠦ ᠭᠸᠡᠭ ᠰᠢᠤᠸᠠᠢ ᠹᠧᠩ ᠢᠳᠡᠭᠡᠯ ᠳᠦᠭᠦᠷᠡᠩ ᠶᠠᠷᠢᠵᠦ ᠪᠠᠶᠢᠪᠠ᠃        ᠪᠡᠭᠡᠵᠢᠩ ᠤᠨ ᠡᠮ ᠡᠮᠨᠡᠯᠭᠡ ᠪᠠᠷ ᠬᠠᠪᠰᠤᠷᠤᠨ ᠳᠡᠳᠬᠦᠬᠦ ᠪᠦᠯᠬᠦᠮ ᠨᠢ ᠰᠢᠯᠢᠳᠡᠭ ᠡᠮᠴᠢᠯᠡᠭᠡᠨ ᠤ ᠤᠷ᠎ᠠ ᠮᠡᠷᠭᠡᠵᠢᠯ ᠢᠶᠠᠷ ᠢᠶᠠᠨ ᠤᠯᠠᠨ ᠲᠦᠮᠡᠨ ᠤ ᠡᠪᠡᠳᠴᠢᠨ ᠡᠮᠭᠡᠭ ᠢ ᠵᠠᠰᠠᠨ ᠡᠳᠡᠭᠡᠷᠡᠬᠦᠯᠦᠭᠰᠡᠨ ᠮᠦᠷᠳᠡᠭᠡᠨ ᠪᠠᠰᠠ ᠮᠡᠷᠭᠡᠵᠢᠯ ᠢᠶᠠᠨ ᠬᠠᠷᠠᠮ ᠦᠭᠡᠢ ᠤᠯᠠᠮᠵᠢᠯᠠᠵᠦ᠂ ᠳᠤᠬᠠᠢ ᠶᠢᠨ ᠭᠠᠵᠠᠷ ᠤᠨ ᠡᠮᠴᠢ ᠰᠤᠪᠢᠯᠠᠬᠴᠢ ᠶᠢᠨ ᠡᠮᠴᠢᠯᠡᠭᠡᠨ ᠤ ᠮᠡᠷᠭᠡᠵᠢᠯ ᠤᠨ ᠳᠡᠭᠡᠭᠰᠢᠯᠡᠯᠳᠡ ᠶᠢ ᠠᠬᠢᠭᠤᠯᠤᠬᠰᠠᠨ ᠪᠠᠶᠢᠨ᠎ᠠ᠃ ᠱᠧᠨ ᠪᠥᠸᠧ ᠡᠮᠴᠢ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠲᠠᠳ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠳᠡᠳ᠋ ᠡᠷᠬᠢᠯᠡᠭᠴᠢ ᠡᠮᠴᠢ ᠪᠠᠶᠢᠵᠤ᠂ ᠨᠢᠭᠡᠨᠲᠡ 20 ᠵᠢᠯ ᠭᠠᠷᠤᠢ ᠵᠢᠯ ᠬᠢᠳᠡᠳ ᠡᠮᠨᠡᠯᠭᠡ ᠶᠢᠨ ᠦᠢᠯᠡᠴᠢᠯᠡᠭᠡ ᠦᠷᠨᠢᠬᠦᠯᠵᠦ ᠪᠤᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠡᠬᠢᠯᠡᠨ ᠵᠤᠬᠢᠶᠠᠨ ᠪᠠᠶᠢᠭᠤᠯᠤᠭᠰᠠᠨ ᠠᠴᠠ ᠨᠠᠭᠠᠰᠢ᠂ ᠱᠧᠨ ᠪᠥᠸᠧ ᠬᠠᠪᠰᠤᠷᠤᠨ ᠲᠡᠳᠬᠦᠬᠦ ᠪᠦᠯᠬᠦᠮ ᠤᠨ ᠲᠤᠰᠬᠠᠶ ᠮᠡᠷᠭᠡᠵᠢᠯᠲᠡᠨ ᠢ ᠳᠠᠭᠠᠵᠤ ᠬᠠᠮᠳᠤ ᠣᠨᠣᠰᠢᠯᠠᠬᠤ ᠠᠵᠠ ᠲᠣᠬᠢᠶᠠᠯ ᠢ ᠠᠰᠢᠭᠯᠠᠨ᠂ ᠲᠤᠰᠬᠠᠶ ᠮᠡᠷᠭᠡᠵᠢᠯᠲᠡᠨ ᠤ ᠣᠨᠣᠰᠢᠯᠠᠨ ᠡᠮᠨᠡᠬᠦ ᠰᠡᠳᠭᠢᠬᠦᠶ᠂ ᠣᠨᠣᠰᠢᠯᠠᠨ ᠡᠮᠴᠢᠯᠡᠬᠦ ᠠᠷᠭ᠎ᠠ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠬᠢᠳᠡᠳ ᠡᠮᠴᠢᠯᠡᠭᠡᠨ ᠤ ᠮᠡᠳᠡᠯᠭᠡ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠬᠦᠯᠦᠭᠰᠡᠨ ᠪᠠᠶᠢᠨ᠎ᠠ᠃ ︽ᠡᠨᠡ ᠬᠡᠳᠦᠨ ᠵᠢᠯ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠳᠠᠮᠵᠢᠨ᠂ ᠪᠢ ᠮᠠᠰᠢ ᠶᠡᠭᠡ ᠠᠰᠢᠭ ᠬᠦᠷᠲᠡᠵᠦ ᠡᠮᠴᠢᠯᠡᠭᠡᠨ ᠤ ᠲᠤᠷᠰᠢᠯᠭ᠎ᠠ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ ᠴᠥᠮ ᠲᠦᠢᠯ ᠤᠨ ᠶᠡᠭᠡ ᠳᠠᠪᠰᠢᠯᠳᠠ ᠲᠠᠢ ᠪᠤᠯᠤᠬᠰᠠᠨ ᠪᠠᠶᠢᠨ᠎ᠠ︾ ᠭᠡᠵᠦ ᠱᠧᠨ ᠪᠥᠸᠧ ᠭᠡᠯᠡᠵᠦ ᠪᠠᠶᠢᠯ᠎ᠠ᠃        ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠦᠢᠯᠡᠳᠦᠯᠭᠡ ᠶᠢᠨ ᠳᠤᠮᠳᠠ᠂ ᠪᠡᠭᠡᠵᠢᠩ ᠤᠨ ᠬᠠᠪᠰᠤᠷᠤᠨ ᠲᠡᠳᠬᠦᠬᠦ ᠪᠦᠯᠬᠦᠮ ᠪᠤᠯᠤᠨ ᠮᠠᠨ ᠤ ᠠᠶᠢᠮᠠᠬ ᠤᠨ ᠡᠮᠴᠢᠯᠡᠭᠡᠨ ᠤ ᠪᠠᠶᠢᠭᠤᠯᠤᠮᠵᠢ ᠶᠢᠨ ᠬᠢᠨ ᠲᠠᠢ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠪᠦᠬᠦ ᠠᠶᠢᠮᠠᠭ ᠤᠨ ᠡᠮᠴᠢᠯᠡᠭᠡᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠭᠦᠨᠵᠡᠭᠡᠶ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠩᠭᠠᠨ ᠠᠶᠢᠮᠠᠭ ᠤᠨ ᠠᠷᠠᠳ ᠲᠦᠮᠡᠨ ᠳᠤ ᠡᠷᠡᠬᠦᠯ ᠡᠩᠭᠡ ᠠᠪᠴᠢᠷᠠᠵᠦ ᠦᠭᠬᠦᠭᠰᠡᠨ ᠪᠠᠶᠢᠨ᠎ᠠ᠃ ᠯᠢᠦ ᠶᠤᠸᠠᠨ ᠴᠦᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号