| ᠤᠶᠢᠷ᠎ᠠ ᠶᠢᠨ ᠡᠳᠦᠷ᠂ ᠬᠢᠩᠭᠠᠨ ᠠᠶᠢᠮᠠᠭ ᠤᠨ ᠠᠨᠠᠭᠠᠬᠤ ᠤᠬᠠᠭᠠᠨ ᠤ ᠨᠡᠶᠢᠭᠡᠮᠯᠢᠭ ᠤᠨ ᠴᠢᠬᠢ ᠬᠠᠮᠠᠷ | ᠬᠤᠭᠤᠯᠠᠶ ᠶᠢᠨ ᠰᠠᠯᠠᠭ᠎ᠠ ᠶᠢᠨ ᠬᠤᠪᠢᠶᠠᠷᠢ ᠨᠡᠶᠢᠭᠡᠮᠯᠢᠭ᠂ ᠨᠢᠳᠦᠨ ᠤ ᠰᠠᠯᠠᠭ᠎ᠠ ᠶᠢᠨ ᠬᠤᠪᠢᠶᠠᠷᠢ ᠨᠡᠶᠢᠭᠡᠮᠯᠢᠭ ᠤᠨ ᠬᠢᠨ | ᠵᠠᠯᠠᠶᠢᠳ ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠪᠠᠶᠠᠨᠭᠤᠤᠯ | ᠪᠠᠯᠭᠠᠰᠤᠨ ᠤ ᠭᠤᠤᠯ ᠰᠤᠷᠭᠠᠭᠤᠯᠢ᠂ ᠪᠠᠶᠠᠨᠭᠤᠤᠯ ᠪᠠᠯᠭᠠᠰᠤᠨ ᠤ ᠪᠠᠶᠠᠨ ᠨᠡᠶᠢᠭᠡᠮ ᠲᠣᠭᠤᠷᠢᠭ ᠤᠨ ᠵᠣᠯ ᠵᠢᠷᠭᠠᠯᠳᠦ | ᠬᠦᠷᠢᠶᠡᠯᠠᠩ ᠢᠶᠠᠷ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠰᠢᠨᠵᠢᠯᠡᠬᠦ ᠤᠬᠠᠭᠠᠨ ᠤ ᠮᠡᠳᠡᠯᠭᠡ ᠶᠢ | ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠡᠷᠡᠭᠦᠯ | ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ | ᠵᠠᠯᠠᠶᠢᠳ ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶᠠᠨ ᠳᠤ᠂ ᠴᠢᠬᠢ | ᠬᠠᠮᠠᠷ ᠬᠤᠭᠤᠯᠠᠢ ᠪᠠ ᠨᠢᠳᠤᠨ ᠤ ᠰᠠᠯᠠᠭ᠎ᠠ ᠶᠢᠨ ᠲᠤᠰᠬᠠᠢ ᠮᠡᠷᠭᠡᠵᠢᠯᠲᠡᠳ ᠪᠠᠶᠢᠴᠠᠭᠠᠯᠳᠠ ᠬᠢᠯᠭᠡᠬᠦ ᠪᠠᠷ ᠢᠷᠡᠭᠰᠡᠳ ᠲᠤ | ᠴᠢᠬᠢᠨ ᠬᠡᠰᠡᠭ᠂ ᠬᠠᠮᠠᠷ᠂ ᠬᠤᠭᠤᠯᠠᠢ ᠵᠢᠴᠢ ᠨᠢᠳᠦᠨ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠰᠠᠭᠤᠭᠠᠯᠢ | ᠠᠷᠠᠳ ᠤᠨ ᠡᠳᠦᠷ ᠳᠣᠳᠣᠮ ᠤᠨ ᠳᠠᠳᠬᠠᠯ᠂ ᠡᠪᠡᠳᠴᠢᠨ ᠤ ᠲᠡᠦᠬᠡ ᠵᠡᠷᠭᠡ ᠶᠢ ᠨᠠᠷᠢᠨ ᠠᠰᠠᠭᠤᠨ ᠯᠠᠪᠯᠠᠵᠤ᠂ | ᠣᠨᠣᠰᠢᠯᠠᠨ ᠵᠠᠰᠠᠬᠤ ᠰᠠᠨᠠᠭᠤᠯᠭ᠎ᠠ ᠳᠤᠷᠠᠳᠴᠠᠢ᠃ | ᠪᠠᠶᠠᠨᠭᠤᠣᠯ ᠪᠠᠯᠭᠠᠰᠤᠨ ᠤ ᠪᠠᠶᠠᠨ ᠨᠡᠶᠢᠭᠡᠮ ᠲᠣᠭᠤᠷᠢᠭ ᠤᠨ ᠵᠤᠯ ᠵᠢᠷᠭᠠᠯᠳᠦ ᠬᠦᠷᠢᠶᠡᠯᠠᠩ ᠳᠤ᠂ ᠲᠤᠰᠬᠠᠢ | ᠮᠡᠷᠭᠡᠵᠢᠯᠲᠡᠳ ᠨᠠᠰᠤᠲᠠᠶᠢᠴᠤᠳ ᠤᠨ ᠪᠡᠶ᠎ᠡ ᠮᠠᠬᠠᠪᠣᠳ ᠢ ᠨᠢ ᠪᠠᠶᠢᠴᠠᠭᠠᠬᠤ ᠠᠴᠠ ᠭᠠᠳᠠᠨ᠎ᠠ ᠪᠠᠰᠠ ᠲᠦᠭᠦᠮ | ᠣᠶᠢᠯᠠᠭᠠᠮᠵᠢᠳᠠᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ᠡᠳᠦᠷ ᠲᠤᠳᠤᠮ ᠤᠨ ᠠᠮᠢᠳᠤᠷᠠᠯ ᠳᠠᠬᠢ ᠡᠷᠡᠭᠦᠯ | ᠮᠡᠨᠳᠤ ᠶᠢᠨ ᠳᠤᠬᠠᠢ ᠠᠩᠬᠠᠷᠬᠤ ᠴᠢᠬᠤᠯᠠᠳᠠᠢ ᠵᠦᠢᠯᠡᠰ ᠢ ᠬᠦᠯᠢᠴᠡᠩᠭᠦᠢ ᠪᠠᠷ ᠲᠠᠶᠢᠯᠪᠤᠷᠢᠯᠠᠵᠤ᠂ ᠬᠡᠷᠡᠭᠴᠡᠭᠡ ᠲᠠᠢ | ᠨᠠᠰᠤᠲᠠᠶᠢᠴᠤᠳ ᠲᠤ ᠥᠪᠡᠷᠮᠢᠴᠡ ᠣᠨᠴᠠᠯᠢᠭ ᠲᠠᠢ ᠡᠷᠡᠭᠦᠯᠵᠢᠯ ᠤᠨ ᠲᠥᠰᠦᠯ ᠲᠣᠭᠲᠠᠭᠠᠵᠤ᠂ ᠪᠡᠶ᠎ᠠ ᠪᠠᠨ ᠰᠤᠪᠢᠯᠠᠬᠤ | ᠠᠷᠭ᠎ᠠ ᠮᠠᠶ᠋ᠢᠬ ᠢ ᠤᠯᠠᠮᠵᠢᠯᠠᠬᠰᠠᠨ ᠪᠠᠶᠢᠨ᠎ᠠ᠃ | ᠪᠠᠶᠠᠨᠭᠤᠣᠯ ᠪᠠᠯᠭᠠᠰᠤᠨ ᠤ ᠭᠤᠣᠯ ᠰᠤᠷᠭᠠᠭᠤᠯᠢ ᠳᠤ᠂ ᠲᠤᠰᠬᠠᠢ ᠮᠡᠷᠭᠡᠵᠢᠯᠲᠡᠳ ᠰᠤᠷᠤᠭᠴᠢᠳ ᠤᠨ ᠡᠳᠦᠷ | ᠲᠤᠳᠤᠮ ᠤᠨ ᠠᠮᠢᠳᠤᠷᠠᠯ ᠤᠨ ᠳᠠᠳᠬᠠᠯ ᠲᠠᠢ ᠨᠢᠭᠲᠠ ᠤᠶᠠᠯᠳᠤᠭᠤᠯᠵᠤ᠂ ᠲᠦᠬᠦᠮ ᠣᠶᠢᠯᠠᠭᠠᠮᠵᠢᠲᠠᠶ ᠦᠬᠡ | ᠦᠬᠦᠯᠡᠪᠦᠷᠢ ᠪᠠ ᠠᠷᠭ᠎ᠠ ᠬᠡᠯᠪᠡᠷᠢ ᠪᠠᠷ ᠦᠷᠭᠦᠯᠵᠢ ᠲᠣᠬᠢᠶᠠᠯᠳᠤᠳᠠᠭ ᠴᠢᠬᠢ ᠬᠠᠮᠠᠷ ᠬᠤᠭᠤᠯᠠᠢ ᠶᠢᠨ ᠡᠪᠡᠳᠴᠢᠨ ᠢ | ᠲᠠᠶᠢᠯᠪᠤᠷᠢᠯᠠᠵᠤ᠂ ᠰᠣᠨᠣᠰᠬᠤ ᠴᠢᠳᠠᠪᠤᠷᠢ ᠶᠢ ᠬᠠᠮᠠᠭᠠᠯᠠᠬᠤ᠂ ᠬᠠᠮᠠᠷ ᠲᠠᠲᠠᠬᠤ ᠵᠡᠷᠭᠡ ᠶᠢᠨ ᠡᠷᠡᠭᠦᠯ ᠮᠡᠨᠳᠦ ᠶᠢᠨ | ᠮᠡᠳᠡᠯᠭᠡ ᠶᠢ ᠴᠢᠬᠤᠯᠠᠴᠢᠯᠠᠨ ᠶᠠᠷᠢᠵᠦ ᠳᠠᠶᠢᠯᠪᠤᠷᠢᠯᠠᠪᠠ᠃ ︵ᠯᠢᠦ ᠶᠤᠸᠠᠨ ᠴᠦᠨ︶ |