| ᠬᠠᠪᠤᠷ ᠪᠣᠯ ᠬᠠᠯᠳᠠᠪᠤᠷᠢᠲᠤ ᠡᠪᠡᠳᠴᠢᠨ ᠤ ᠤᠯᠠᠨ ᠡᠭᠦᠰᠭᠦ ᠤᠯᠠᠷᠢᠯ ᠪᠣᠯᠤᠨ᠎ᠠ᠂ ᠤᠯᠠᠨ ᠲᠦᠮᠡᠨ ᠤ | ᠬᠠᠯᠳᠠᠪᠤᠷᠢᠲᠤ ᠡᠪᠡᠳᠴᠢᠨ ᠤ ᠲᠤᠬᠠᠢ ᠲᠠᠨᠢᠯᠲᠠ ᠶᠢ ᠳᠡᠭᠡᠭᠰᠢᠯᠡᠬᠦᠯᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ | ᠠᠷᠭ᠎ᠠ ᠬᠡᠮᠵᠢᠶ᠎ᠡ ᠪᠠ ᠡᠷᠡᠭᠦᠯᠵᠢᠯ ᠤᠨ ᠮᠡᠳᠡᠯᠭᠡ ᠶᠢ ᠣᠶᠢᠯᠠᠭᠠᠭᠤᠯᠵᠤ᠂ ᠡᠷᠡᠭᠦᠯ ᠰᠠᠷᠠᠭᠤᠯ ᠠᠮᠢᠳᠤᠷᠠᠯ ᠤᠨ ᠣᠷᠴᠢᠨ | ᠲᠣᠭᠤᠷᠢᠨ ᠢ ᠪᠤᠢ ᠪᠣᠯᠭᠠᠬᠤ ᠶᠢᠨ ᠲᠥᠯᠥᠭᠡ ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠲᠥᠪ ᠵᠠᠯᠠᠶᠢᠳ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠥᠪ ᠲᠠᠢ | ᠬᠠᠮᠲᠤᠷᠠᠨ ᠴᠤᠤᠯ ᠨᠡᠶᠢᠭᠡᠮ ᠲᠣᠭᠤᠷᠢᠭ ᠲᠤ ᠬᠦᠷᠴᠦ ︽ᠤᠯᠠᠷᠢᠯ ᠤᠨ ᠴᠢᠨᠠᠷᠲᠠᠶ ᠬᠠᠯᠳᠠᠪᠤᠷᠢᠲᠤ ᠡᠪᠡᠳᠴᠢᠨ ᠢ | ᠰᠡᠷᠭᠡᠶᠢᠯᠡᠬᠦ ᠰᠢᠨᠵᠢᠯᠡᠬᠦ ᠤᠬᠠᠭᠠᠨ ᠤ ᠮᠡᠳᠡᠯᠭᠡ ᠶᠢ ᠨᠡᠶᠢᠭᠡᠮ ᠲᠣᠭᠤᠷᠢᠭ ᠲᠤ ᠬᠦᠷᠭᠡᠬᠦ︾ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠳᠦ | ᠡᠪᠡᠳᠴᠢᠨ ᠤ ᠰᠠᠯᠠᠭ᠎ᠠ ᠶᠢᠨ ᠡᠮᠴᠢ ᠠᠴᠠ PPT ᠪᠠ ᠨᠠᠷᠢᠨ ᠲᠣᠳᠣᠷᠬᠠᠶ ᠬᠡᠷᠡᠭ ᠤᠨ ᠵᠢᠱᠢᠶ᠎ᠡ ᠶᠢ ᠤᠶᠠᠯᠳᠤᠭᠤᠯᠤᠨ | ᠂ ᠬᠠᠯᠳᠠᠪᠤᠷᠢᠯᠠᠬᠤ ᠠᠷᠭ᠎ᠠ ᠵᠠᠮ᠂ ᠣᠨᠴᠠᠯᠢᠭ᠂ ᠰᠡᠷᠭᠡᠶᠢᠯᠡᠬᠦ ᠠᠷᠭ᠎ᠠ ᠵᠡᠷᠭᠡ ᠲᠠᠯ᠎ᠠ ᠠᠴᠠ ᠰᠠᠭᠤᠭᠠᠯᠢ ᠠᠷᠠᠳ ᠲᠤ | ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ | ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠬᠠᠯᠳᠠᠪᠤᠷᠢᠲᠤ ᠲᠠᠭᠰᠢᠭᠤᠷ ᠵᠡᠷᠭᠡ ᠬᠠᠪᠤᠷ ᠤᠨ ᠤᠯᠠᠷᠢᠯ ᠳᠤ ᠪᠠᠶᠢᠩᠭᠤ | ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠤ ᠡᠪᠡᠳᠴᠢᠨ ᠤ ᠢᠯᠡᠷᠡᠯ ᠵᠢᠴᠢ ᠤᠴᠠᠷᠠᠭᠤᠯᠵᠤ ᠮᠡᠳᠡᠬᠦ ᠬᠤᠤᠷ | ᠬᠥᠨᠥᠭᠡᠯ ᠢ ᠨᠠᠩ ᠰᠢᠭᠤᠳ ᠪᠥᠭᠡᠳ ᠭᠦᠨᠵᠡᠭᠡᠶ ᠲᠠᠨᠢᠯᠲᠠ ᠲᠠᠢ ᠪᠣᠯᠭᠠᠪᠠ᠃ | ᠡᠬᠦᠨ ᠠᠴᠠ ᠭᠠᠳᠠᠨ᠎ᠠ᠂ ᠡᠮᠴᠢ ᠠᠵᠢᠯᠳᠡᠨ ᠪᠠᠰᠠ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 | ᠵᠤᠷᠪᠤᠰ᠂ ᠲᠠᠮᠠᠬᠢ ᠲᠠᠲᠠᠬᠤ ᠶᠢ ᠬᠢᠵᠠᠭᠠᠷᠯᠠᠬᠤ ᠵᠡᠷᠭᠡ ᠤᠬᠠᠭᠤᠯᠭ᠎ᠠ ᠶᠢᠨ ᠬᠠᠭᠤᠳᠠᠰᠤ ᠶᠢ 200 ᠭᠠᠷᠤᠶ ᠬᠤᠪᠢ | ᠳᠠᠷᠬᠠᠭᠠᠵᠦ᠂ ᠡᠷᠡᠬᠦᠯ ᠮᠡᠨᠳᠦ ᠶᠢᠨ ᠮᠡᠳᠡᠯᠭᠡ ᠶᠢᠨ ᠵᠢᠵᠢᠭ ᠪᠡᠯᠡᠭ ᠢ 140 ᠭᠠᠷᠤᠶ ᠬᠤᠪᠢ ᠬᠦᠷᠭᠡᠪᠡ᠃ ︵ᠬᠣ᠋ ᡁᠢ | ᠮᠢᠨ︶ |