| ᠵᠠᠯᠠᠭᠤᠴᠤᠳ ᠪᠠᠭᠠᠴᠤᠳ ᠤᠨ ᠰᠡᠳᠭᠢᠴᠡ ᠶᠢᠨ ᠡᠷᠡᠭᠦᠯ ᠮᠡᠨᠳᠦ ᠶᠢ ᠤᠯᠠᠮ ᠨᠢᠭᠡ ᠠᠯᠬᠤᠮ ᠬᠠᠮᠠᠭᠠᠯᠠᠵᠤ᠂ | ᠯᠸᠢ ᠹᠧᠩ ᠠᠴᠠ ᠲᠠᠭᠠᠨ ᠰᠤᠷᠤᠯᠴᠠᠬᠤ ᠠᠵᠢᠯᠯᠠᠭ᠎ᠠ ᠶᠢ ᠭᠦᠨᠵᠡᠭᠡᠶᠢᠷᠡᠭᠦᠯᠤᠨ᠂ ᠨᠠᠰᠤᠨ ᠳᠤ ᠥᠯᠥ ᠭᠦᠷᠦᠭᠰᠡᠳ ᠤᠨ | ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠪᠠᠷ᠂ ᠬᠢᠩᠭᠠᠨ ᠠᠶᠢᠮᠠᠭ ᠤᠨ ᠣᠶᠤᠨ ᠮᠡᠳᠡᠷᠡᠯ ᠤᠨ ᠡᠷᠡᠭᠦᠯ | ᠬᠠᠮᠠᠭᠠᠯᠠᠯ ᠤᠨ ᠲᠥᠪ ᠤᠨ ᠡᠪᠯᠡᠯ ᠤᠨ ᠡᠭᠦᠷ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠤᠨ ᠢᠶᠠᠨ ᠵᠤᠬᠢᠶᠠᠨ | ᠪᠠᠶᠢᠭᠤᠯᠤᠨ ᠬᠢᠩᠭᠠᠨ ᠠᠶᠢᠮᠠᠭ ᠤᠨ ᠬᠡᠤᠬᠡᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ︽ᠰᠡᠳᠭᠢᠯ ᠨᠢᠭᠡᠳᠦᠨ | ᠬᠦᠴᠦ ᠪᠠᠨ ᠬᠠᠮᠲᠤᠳᠬᠠᠵᠤ᠂ ᠬᠡᠤᠬᠡᠳ ᠤᠨ ᠢᠷᠡᠭᠡᠳᠦᠶ ᠶᠢ ᠰᠠᠷᠠᠭᠤᠯᠵᠢᠭᠤᠯᠬᠤ︾ ᠰᠡᠳᠭᠢᠴᠡ ᠶᠢᠨ ᠡᠷᠡᠭᠦᠯ | ᠮᠡᠨᠳᠦ ᠶᠢᠨ ᠳᠤᠬᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠬᠢᠩᠭᠠᠨ ᠠᠶᠢᠮᠠᠭ ᠤᠨ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ ᠵᠠᠯᠠᠭᠤ ᠰᠠᠶᠢᠨ | ᠳᠤᠷ᠎ᠠ ᠶᠢᠨ ᠦᠢᠯᠡᠴᠢᠯᠡᠭᠴᠢᠳ᠂ ᠬᠢᠩᠭᠠᠨ ᠠᠶᠢᠮᠠᠭ ᠤᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠢᠶᠠᠷ ᠬᠦᠷᠴᠦ᠂ | ᠰᠡᠳᠭᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ ᠪᠠ ᠪᠦᠯᠬᠦᠮ ᠨᠡᠶᠢᠲᠡ ᠶᠢᠨ ᠠᠵᠢᠯᠯᠠᠭ᠎ᠠ ᠶᠢ ᠦᠷᠨᠢᠬᠦᠯᠵᠦ᠂ | ᠠᠮᠢᠳᠤᠯᠢᠭ ᠵᠢᠱᠢᠶ᠎ᠡ ᠪᠠ ᠰᠣᠨᠢᠷᠬᠠᠯᠲᠠᠶ ᠲᠣᠭᠯᠠᠭᠠᠮ ᠢᠶᠠᠷ ᠳᠠᠮᠵᠢᠭᠤᠯᠤᠨ᠂ ᠪᠠᠭᠠᠴᠤᠳ ᠬᠡᠤᠬᠡᠳ ᠤᠨ ᠰᠤᠷᠤᠯᠴᠠᠬᠤ | ᠬᠠᠯᠠᠭᠤᠨ ᠰᠡᠳᠭᠢᠯᠭᠡ ᠶᠢ ᠬᠥᠭᠵᠢᠭᠡᠵᠤ᠂ ᠪᠠᠭᠠᠴᠤᠳ ᠬᠡᠦᠬᠡᠳ ᠤᠳ ᠲᠤ ᠨᠢᠭᠡ ᠤᠳᠠᠭᠠᠨ ᠤ ᠭᠤᠶᠢᠳᠠ ᠰᠠᠶᠢᠬᠠᠨ | ᠰᠡᠳᠭᠢᠴᠡ ᠶᠢᠨ ᠬᠢᠴᠢᠶᠡᠯ ᠤᠷᠤᠪᠠ᠃ | ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠬᠢᠨᠭ᠍ᠭᠠᠨ | ᠠᠶᠢᠮᠠᠬ ᠤᠨ ᠤᠶᠤᠨ ᠮᠡᠳᠡᠷᠡᠯ ᠤᠨ ᠡᠷᠡᠬᠦᠯ ᠬᠠᠮᠠᠭᠠᠯᠠᠯ ᠤᠨ ᠲᠦᠪ ᠤᠨ ᠡᠪᠯᠡᠯ ᠤᠨ ᠬᠡᠰᠢᠬᠦᠨ ᠵᠠᠯᠠᠭᠤ ᠰᠠᠶᠢᠨ | ᠳᠤᠷ᠎ᠠ ᠶᠢᠨ ᠦᠢᠯᠡᠴᠢᠯᠡᠭᠴᠢᠳ ᠪᠠᠭᠠᠴᠤᠳ ᠬᠡᠦᠬᠡᠳ ᠲᠠᠢ ᠬᠤᠭᠤᠷᠤᠨᠳᠤ ᠪᠠᠨ ᠬᠠᠷᠢᠯᠴᠠᠨ ᠬᠦᠳᠡᠯᠤᠯᠴᠡᠬᠦ ᠪᠠᠷ | ᠲᠠᠮᠵᠢᠨ᠂ ᠯᠸᠢ ᠹᠧᠩ ᠤᠨ ᠵᠣᠷᠢᠭ ᠰᠠᠨᠠᠭ᠎ᠠ ᠶᠢ ᠦᠷᠭᠦᠯᠵᠢᠯᠡᠨ ᠰᠤᠷᠤᠯᠴᠠᠨ ᠦᠢᠯᠡᠳᠦᠯᠭᠡᠵᠢᠭᠦᠯᠵᠦ᠂ ᠨᠡᠶᠢᠭᠡᠮ ᠤᠨ | ᠡᠶ᠎ᠡ ᠵᠣᠬᠢᠴᠠᠩᠭᠤᠢ ᠲᠣᠭᠲᠠᠭᠤᠨ ᠪᠠ ᠲᠠᠪᠰᠢᠯᠳᠠ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠬᠦᠪᠡ᠃ | ︵ᠵᠢᠶ ᠫᠧᠩ︶ |