| ᠦᠢᠷ᠎ᠠ ᠳᠤ᠂ ᠰᠤᠷᠪᠤᠯᠵᠢᠯᠠᠭᠴᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠠᠶᠢᠮᠠᠭ ᠤᠨ ᠬᠠᠪᠤᠷ ᠤᠨ ᠲᠠᠷᠢᠶᠠᠯᠠᠭ᠎ᠠ ᠶᠢᠨ | ᠪᠡᠯᠡᠳᠭᠡᠯ ᠠᠵᠢᠯ ᠤᠨ ᠠᠬᠢᠴᠠ ᠨᠢᠭᠡᠨᠲᠡ 40% ᠶᠢ ᠳᠠᠪᠠᠵᠦ᠂ ᠡᠨᠡ ᠵᠢᠯ ᠬᠢᠩᠭᠠᠨ ᠠᠶᠢᠮᠠᠭ ᠵᠢᠱᠢᠯᠲᠡ ᠪᠠᠷ ᠠᠮᠤ | ᠪᠤᠳᠠᠭ᠎ᠠ ᠳᠠᠷᠢᠬᠤ ᠲᠠᠯᠠᠪᠠᠶ ᠶᠢ 1700 ᠲᠦᠮᠡᠨ ᠮᠤ᠋ ᠳᠤ ᠲᠣᠭᠲᠠᠪᠤᠷᠢᠵᠢᠭᠤᠯᠵᠤ᠂ ᠡᠭᠦᠨ ᠳᠤ ᠤᠰᠤᠨ ᠲᠤᠲᠤᠷᠭ᠎ᠠ | 115 ᠲᠦᠮᠡᠨ ᠮᠥ᠂ ᠡᠷᠳᠡᠨᠢ ᠰᠢᠰᠢ 1200 ᠲᠦᠮᠡᠨ ᠮᠤ᠋᠂ ᠰᠢᠷ᠎ᠠ ᠪᠤᠷᠴᠠᠭ 200 ᠲᠦᠮᠡᠨ ᠮᠤ᠋ ᠳᠠᠷᠢᠬᠤ ᠪᠠᠷ | ᠳᠦᠯᠦᠪᠯᠡᠵᠦ ᠪᠤᠢ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠪᠠᠷ᠂ | ᠬᠢᠩᠭᠠᠨ ᠠᠶᠢᠮᠠᠭ ᠡᠯ᠎ᠡ ᠵᠦᠢᠯ ᠤᠨ ᠪᠠᠳᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠤ ᠪᠤᠢ᠃ | ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠲᠠᠯ᠎ᠠ ᠪᠠᠷ᠂ ᠲᠠᠷᠢᠶᠠᠯᠠᠩ ᠦᠢᠯᠡᠳᠪᠦᠷᠢᠯᠡᠯ ᠤᠨ | ᠬᠡᠷᠡᠭᠰᠡᠯ ᠤᠨ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠵᠦ᠂ ᠲᠠᠷᠢᠶᠠᠯᠠᠩ | ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠪᠠᠶᠢᠭᠤᠯᠤᠨ᠂ ᠬᠢᠮᠢ ᠶᠢᠨ | ᠪᠣᠷᠲᠣᠭᠤᠷ᠂ ᠲᠠᠷᠢᠶᠠᠨ ᠡᠮ᠂ ᠳᠠᠷᠢᠶᠠᠨ ᠦᠷ᠎ᠡ ᠵᠡᠷᠭᠡ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠭᠦᠢᠴᠡᠳ | ᠬᠠᠩᠭᠠᠯᠭ᠎ᠠ ᠵᠢᠴᠢ ᠲᠠᠷᠢᠶᠠᠯᠠᠩ ᠤᠨ ᠮᠠᠰᠢᠨ ᠪᠠᠭᠠᠵᠢ ᠶᠢᠨ ᠵᠦᠶ ᠵᠣᠬᠢᠰᠲᠠᠶ ᠲᠣᠬᠢᠷᠠᠭᠤᠯᠤᠯᠲᠠ ᠶᠢ ᠦᠨᠡᠨ ᠬᠦ | ᠪᠠᠲᠤᠯᠠᠵᠤ ᠪᠠᠶᠢᠨ᠎ᠠ᠃ ᠣᠲᠣ ᠪᠣᠯᠲᠠᠯ᠎ᠠ᠂ ᠬᠠᠪᠤᠷ ᠤᠨ ᠲᠠᠷᠢᠶᠠᠯᠠᠭ᠎ᠠ ᠶᠢᠨ ᠬᠢᠮᠢ ᠶᠢᠨ ᠪᠣᠷᠲᠣᠭᠤᠷ ᠬᠠᠩᠭᠠᠬᠤ ᠨᠣᠷᠮ᠎ᠠ | 61% ᠳᠤ ᠬᠦᠷᠴᠦ᠂ ᠲᠠᠷᠢᠶᠠᠨ ᠡᠮ ᠬᠠᠩᠭᠠᠬᠤ ᠨᠣᠷᠮ᠎ᠠ 22% ᠲᠤ ᠬᠦᠷᠴᠦ᠂ ᠦᠷ᠎ᠡ ᠬᠠᠩᠭᠠᠬᠤ ᠨᠣᠷᠮ᠎ᠠ | 45% ᠳᠤ ᠬᠦᠷᠴᠡᠶ᠃ ᠲᠠᠷᠢᠶᠠᠯᠠᠩ ᠤᠨ ᠮᠠᠰᠢᠨ ᠤ ᠪᠠᠳᠤᠯᠠᠭ᠎ᠠ ᠶᠢᠨ ᠲᠠᠯ᠎ᠠ ᠪᠠᠷ᠂ ᠲᠠᠷᠢᠶᠠᠯᠠᠩ ᠤᠨ ᠮᠠᠰᠢᠨ | ᠲᠧᠭᠨᠢᠭ ᠤᠨ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠥᠳᠡᠭᠡ ᠲᠣᠰᠬᠤᠨ ᠳᠤ ᠭᠦᠨᠵᠡᠭᠡᠶᠢᠷᠡᠭᠦᠯᠵᠦ᠂ ᠳᠠᠷᠢᠶᠠᠴᠢᠳ ᠢ | ᠵᠢᠯᠣᠭᠤᠳᠤᠨ ᠬᠠᠪᠤᠷ ᠤᠨ ᠲᠠᠷᠢᠶᠠᠯᠠᠭ᠎ᠠ ᠶᠢᠨ ᠮᠠᠰᠢᠨ ᠳᠦᠭᠦᠭᠡᠷᠦᠮᠵᠢ ᠶᠢ ᠪᠦᠬᠦ ᠲᠠᠯ᠎ᠠ ᠪᠠᠷ ᠰᠡᠯᠪᠢᠨ ᠵᠠᠰᠠᠵᠤ᠂ ᠪᠦᠬᠦ | ᠠᠶᠢᠮᠠᠭ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠭᠤᠯᠵᠤ ᠪᠣᠯᠬᠤ ᠲᠷᠠᠺᠲ᠋ᠣᠷ ᠤᠨ ᠲᠤᠭ᠎ᠠ | 151778 ᠰᠠᠤᠷᠢ ᠪᠤᠯᠵᠤ᠂ ᠢᠵᠢ ᠪᠦᠷᠢᠳᠦᠭᠰᠡᠨ ᠮᠠᠰᠢᠨ ᠳᠦᠭᠦᠭᠡᠷᠦᠮᠵᠢ ᠶᠢᠨ ᠲᠤᠭ᠎ᠠ 248403 ᠰᠠᠤᠷᠢ | ᠪᠤᠯᠵᠤ᠂ ᠲᠠᠷᠢᠶᠠᠯᠠᠩ ᠤᠨ ᠮᠠᠰᠢᠨ ᠤ ᠶᠡᠷᠦᠩᠬᠡᠢ ᠬᠡᠮᠵᠢᠶ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5% | ᠨᠡᠮᠡᠭᠳᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠦᠴᠦᠲᠡᠢ ᠪᠠᠲᠤᠯᠠᠭ᠎ᠠ ᠬᠠᠩᠭᠠᠵᠠᠢ᠃ | ᠡᠭᠦᠨ ᠤ ᠬᠠᠮᠲᠤ᠂ ᠬᠢᠩᠭᠠᠨ ᠠᠶᠢᠮᠠᠭ ᠲᠠᠷᠢᠶᠠᠯᠠᠩ ᠤᠨ ᠲᠤᠰᠬᠠᠢ ᠮᠡᠷᠭᠡᠵᠢᠯᠳᠠᠨ ᠢ ᠵᠣᠬᠢᠶᠠᠨ ᠪᠠᠶᠢᠭᠤᠯᠤᠨ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠪᠣᠯᠪᠠᠰᠤᠷᠠᠯ ᠢ ᠦᠷᠨᠢᠭᠦᠯᠦᠨ᠂ ᠲᠠᠷᠢᠶᠠᠯᠠᠩ ᠤᠨ ᠤᠰᠤᠨ | ᠠᠰᠢᠭᠯᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠪᠤᠷ ᠤᠨ | ᠲᠠᠷᠢᠶᠠᠯᠠᠭ᠎ᠠ ᠶᠢᠨ ᠬᠤᠭᠤᠴᠠᠭᠠᠨ ᠳᠠᠬᠢ ᠤᠰᠤᠯᠠᠯᠲᠠ ᠶᠢᠨ ᠤᠰᠤᠨ ᠰᠤᠷᠪᠤᠯᠵᠢ ᠭᠦᠢᠴᠡᠳ ᠪᠠᠶᠢᠬᠤ ᠶᠢ ᠪᠠᠳᠤᠯᠠᠨ᠂ | ᠬᠠᠭᠤᠷᠮᠠᠭ ᠮᠠᠭᠤ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠴᠦ ᠪᠣᠷᠣᠯᠠᠭᠤᠯᠬᠤ ᠠᠵᠢᠯᠯᠠᠭ᠎ᠠ ᠳᠤ | ᠴᠢᠩᠭ᠎ᠠ ᠴᠣᠬᠢᠯᠲᠠ ᠦᠭᠴᠡᠢ᠃ ᠣᠳᠣᠬᠠᠨ ᠳᠤ᠂ ᠬᠢᠩᠭᠠᠨ ᠠᠶᠢᠮᠠᠭ ᠤᠨ ᠡᠯ᠎ᠡ ᠭᠠᠵᠠᠷ ᠤᠨ ᠬᠠᠪᠤᠷ ᠤᠨ | ᠲᠠᠷᠢᠶᠠᠯᠠᠭ᠎ᠠ ᠶᠢᠨ ᠪᠡᠯᠡᠳᠭᠡᠯ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ᠂ ᠵᠢᠱᠢᠯᠲᠡ ᠪᠠᠷ 4 ᠰᠠᠷ᠎ᠠ ᠶᠢᠨ | ᠰᠡᠭᠦᠯᠴᠢ ᠪᠠᠷ ᠬᠠᠪᠤᠷ ᠤᠨ ᠲᠠᠷᠢᠶᠠᠯᠠᠭ᠎ᠠ ᠶᠢᠨ ᠱᠠᠲᠤᠨ ᠳᠤ ᠪᠥᠬᠦ ᠲᠠᠯ᠎ᠠ ᠪᠠᠷ ᠣᠷᠣᠬᠤ ᠪᠣᠯᠤᠨ᠎ᠠ᠃ ︵ᠯᠢ ᠤᠭ᠍ᠶᠤ︶ | | | | |