| 3 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ | ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠢᠩᠭᠠᠨ ᠠᠶᠢᠮᠠᠭ ᠤᠨ ᠣᠶᠤᠨ ᠤ ᠪᠣᠯᠪᠠᠰᠤᠨ ᠤ ᠠᠯᠪᠠᠨ ᠬᠡᠷ᠂ | ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠩᠭᠠᠨ ᠠᠶᠢᠮᠠᠭ ᠤᠨ ᠬᠤᠷᠢᠶ᠎ᠠ ᠠᠴᠠ ᠭᠤᠤᠯᠯᠠᠨ ᠡᠷᠭᠢᠯᠡᠵᠦ᠂ ᠬᠢᠩᠭᠠᠨ | ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠢᠩᠭᠠᠨ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ | ᠵᠡᠷᠭᠡ 12 ᠨᠢᠭᠡᠴᠢ ᠬᠠᠮᠵᠢᠯᠴᠠᠨ ᠡᠷᠬᠢᠯᠡᠭᠰᠡᠨ ᠬᠢᠨᠭ᠍ᠭᠠᠨ ᠠᠶᠢᠮᠠᠬ ᠤᠨ ᠯᠸᠢ ᠹᠧᠩ ᠠᠴᠠ ᠲᠠᠭᠠᠨ ᠰᠤᠷᠤᠯᠴᠠᠬᠤ | ᠰᠠᠶᠢᠨ ᠳᠤᠷ᠎ᠠ ᠶᠢᠨ ᠦᠢᠯᠡᠴᠢᠯᠡᠭᠡᠨ ᠥᠷᠨᠢᠬᠦᠯᠬᠦ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ | ᠤᠯᠠᠭᠠᠨᠬᠤᠳᠠ ᠳᠠᠬᠢ ᠸᠠᠨ ᠳ᠋ᠠ ᠠᠭᠤᠳᠠᠮ ᠲᠠᠯᠠᠪᠠᠶ ᠳᠤ ᠠᠰᠢᠳᠠᠢ ᠰᠠᠶᠢᠬᠠᠨ ᠶᠠᠪᠤᠭᠳᠠᠪᠠ᠃ ᠡᠬᠢᠯᠡᠯᠳᠡ ᠶᠢᠨ | ᠶᠤᠰᠤᠯᠠᠯ ᠲᠡᠬᠡᠷ᠎ᠡ᠂ ᠬᠠᠮᠢᠶ᠎ᠠ ᠪᠦᠬᠦᠢ ᠨᠢᠬᠡᠴᠢ ᠶᠢᠨ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠶᠢᠨ ᠬᠡᠰᠢᠬᠦᠳ | ᠲᠤᠬᠠᠶ ᠶᠢᠨ ᠲᠠᠯᠠᠪᠠᠶ ᠳᠤ ᠬᠦᠷᠦᠯᠴᠠᠨ ᠢᠷᠡᠭᠰᠡᠨ ᠤᠯᠠᠨ ᠲᠦᠮᠡᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ᠂ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠪᠠ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠠᠷᠭ᠎ᠠ ᠶᠢᠨ ᠲᠠᠶᠢᠯᠤᠮᠵᠢ ᠵᠡᠷᠭᠡ ᠦᠢᠯᠡᠴᠢᠯᠡᠭᠡ ᠦᠷᠨᠢᠬᠦᠯᠦᠭᠰᠡᠨ ᠪᠠᠶᠢᠨ᠎ᠠ᠃ | ᠲᠤᠰ ᠤᠳᠠᠭ᠎ᠠ ᠶᠢᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠨᠢ ︽ᠯᠸᠢ ᠹᠧᠩ ᠠᠴᠠ ᠲᠠᠭᠠᠨ | ᠰᠤᠷᠤᠯᠴᠠᠬᠤ᠂ ᠰᠠᠶᠢᠨ ᠳᠤᠷ᠎ᠠ ᠶᠢᠨ ᠠᠵᠢᠯᠯᠠᠭ᠎ᠠ ᠳᠤ ᠤᠷᠤᠯᠴᠠᠬᠤ᠂ ᠥᠭᠡᠷᠡᠴᠢᠯᠡᠯᠲᠡ ᠳᠤ ᠦᠢᠯᠡᠴᠢᠯᠡᠬᠦ᠂ ᠰᠢᠨ᠎ᠡ | ᠭᠠᠪᠢᠶ᠎ᠠ ᠪᠠᠶᠢᠭᠤᠯᠬᠤ︾ ᠪᠠᠷ ᠵᠤᠷᠢᠯᠭ᠎ᠠ ᠪᠤᠯᠭᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠨᠡᠪᠲᠡᠷᠡᠭᠦᠯᠦᠭᠰᠡᠨ | ᠭᠤᠤᠯ ᠰᠡᠳᠦᠪᠲᠦ ᠹᠢᠯᠢᠮ ᠨᠢ ᠪᠦᠬᠦ ᠠᠶᠢᠮᠠᠭ ᠤᠨ ᠡᠯ᠎ᠡ ᠭᠠᠵᠠᠷ ᠤᠨ ᠯᠸᠢ ᠹᠧᠩ ᠠᠴᠠ ᠲᠠᠭᠠᠨ ᠰᠤᠷᠤᠯᠴᠠᠬᠤ ᠰᠠᠶᠢᠨ | ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠦᠷᠨᠢᠬᠦᠯᠵᠦ ᠪᠠᠶᠢᠭ᠎ᠠ ᠪᠠᠶᠢᠳᠠᠯ ᠢ ᠳᠡᠯᠭᠡᠨ ᠦᠵᠡᠭᠦᠯᠵᠦ᠂ ᠯᠸᠢ | ᠹᠧᠩ ᠠᠴᠠ ᠲᠠᠭᠠᠨ ᠰᠤᠷᠤᠯᠴᠠᠬᠤ᠂ ᠶᠣᠰᠣ ᠮᠣᠷᠠᠯ ᠢ ᠡᠷᠬᠢᠮᠯᠡᠬᠦ᠂ ᠬᠤᠰᠢᠭᠤᠴᠢ ᠪᠣᠯᠬᠤ ᠪᠠᠷ ᠴᠢᠷᠮᠠᠶᠢᠬᠤ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠠᠵᠢᠯᠯᠠᠭ᠎ᠠ ᠳᠤ ᠪᠠᠰᠠ ᠳᠤᠮᠳᠠᠳᠤ ᠤᠯᠤᠰ ᠤᠨ ᠵᠠᠯᠠᠭᠤ ᠰᠠᠶᠢᠨ | ᠲᠤᠷᠠᠴᠤᠤᠯ ᠤᠨ ᠰᠢᠯᠢᠳᠡᠭ ᠬᠤᠪᠢ ᠬᠥᠮᠦᠨ ᠠᠴᠠ ︽ᠰᠠᠶᠢᠨ ᠲᠤᠷ᠎ᠠ ᠶᠢᠨ ᠦᠢᠯᠡᠴᠢᠯᠡᠭᠡᠨ ᠤ ᠰᠠᠨᠠᠭᠠᠴᠢᠯᠠᠭ᠎ᠠ ᠶᠢᠨ | ᠪᠢᠴᠢᠭ︾ ᠢ ᠤᠩᠰᠢᠨ ᠨᠡᠶᠢᠲᠡᠯᠡᠬᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠥᠯᠢᠭᠡᠷ ᠲᠤᠷᠰᠢᠯᠭ᠎ᠠ ᠪᠠᠨ | ᠬᠤᠪᠢᠶᠠᠯᠴᠠᠬᠤ᠂ ᠤᠳᠭ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠳᠠᠭᠤᠤ ᠪᠦᠵᠢᠭ ᠤᠨ ᠳᠤᠬᠯᠠᠯᠳᠠ | ᠭᠠᠷᠭᠠᠬᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ ᠯᠸᠢ ᠹᠧᠩ ᠤᠨ ᠡᠳᠦᠷ ᠤᠨ ᠲᠡᠮᠳᠡᠭᠯᠡᠯ ᠢ | ᠤᠶᠠᠩᠭᠠᠯᠠᠨ ᠤᠩᠰᠢᠬᠤ ᠵᠡᠷᠭᠡ ᠠᠭᠤᠯᠭ᠎ᠠ ᠶᠢ ᠳᠤᠬᠢᠷᠠᠭᠤᠯᠵᠦ᠂ ᠡᠬᠢᠯᠡᠯᠳᠡ ᠶᠢᠨ ᠶᠤᠰᠤᠯᠠᠯ ᠢ ᠬᠦᠷ ᠬᠦᠭᠵᠢᠶᠡᠨᠳᠡᠢ | ᠪᠤᠯᠭᠠᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠰᠢᠩ ᠪᠠᠩ ᠠᠮᠢ ᠠᠬᠤᠶ ᠣᠷᠴᠢᠨ ᠲᠣᠭᠤᠷᠢᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠤᠯᠢ ᠴᠠᠭᠠᠵᠠ ᠶᠢᠨ ᠬᠢᠨᠠᠨ | ᠲᠣᠭᠲᠠᠭᠠᠯᠲᠠ ᠶᠢᠨ ᠭᠠᠵᠠᠷ᠂ ᠥᠪᠥᠷ ᠮᠣᠩᠭᠤᠯ ᠤᠨ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ | ᠤᠷᠤᠨ ᠢ ᠳᠤᠰᠠᠯᠠᠬᠤ ᠤᠰᠤ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ | ᠪᠠᠩᠬᠢ ᠶᠢᠨ ᠫᠦ᠋ ᠬᠤᠢ ᠰᠠᠯᠪᠤᠷᠢ ᠪᠠᠩᠬᠢ ᠠᠴᠠ ᠵᠡᠭᠡᠯᠢ ᠴᠡᠪᠡᠷᠯᠡᠭᠴᠢ᠂ ᠲᠦᠷᠭᠡᠨ ᠬᠦᠷᠭᠡᠯᠳᠠ ᠶᠢᠨ ᠠᠵᠢᠯᠳᠡᠨ᠂ | ᠬᠦᠴᠢᠷᠳᠡᠯᠲᠡᠶ ᠰᠤᠷᠤᠭᠴᠢᠳ ᠢ ᠪᠤᠯᠭᠤᠭᠠᠨ ᠲᠣᠬᠤᠨᠢᠭᠤᠯᠵᠤ᠂ ᠬᠠᠶᠢᠷ᠎ᠠ ᠬᠠᠯᠠᠮᠵᠢ ᠬᠦᠷᠭᠡᠪᠡ᠃ | ︽ᠮᠠᠨ ᠤ ᠨᠡᠶᠢᠭᠡᠮᠯᠢᠭ ᠦᠷᠭᠦᠯᠵᠢᠯᠡᠨ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ | ᠲᠣᠭᠤᠷᠢᠭ ᠪᠤᠯᠤᠨ ᠰᠤᠷᠭᠠᠭᠤᠯᠢ ᠳᠤ ᠬᠦᠷᠴᠦ᠂ ᠬᠤᠭ ᠨᠣᠪᠰᠢ ᠶᠢ ᠲᠥᠷᠥᠯ ᠬᠤᠪᠢᠶᠠᠬᠤ ᠶᠢ ᠤᠬᠠᠭᠤᠯᠬᠤ᠂ ᠮᠣᠳᠣ | ᠳᠠᠷᠢᠵᠤ ᠨᠣᠭᠤᠭᠠᠷᠠᠭᠤᠯᠤᠯᠲᠠ ᠶᠢ ᠬᠠᠮᠠᠭᠠᠯᠠᠬᠤ ᠵᠡᠷᠭᠡ ᠠᠵᠢᠯᠯᠠᠭ᠎ᠠ ᠥᠷᠨᠢᠭᠦᠯᠤᠨ᠂ ᠪᠣᠳᠠᠲᠤ ᠠᠵᠢᠯᠯᠠᠭ᠎ᠠ ᠪᠠᠷ ᠢᠶᠠᠨ | ᠣᠯᠠᠨ ᠢ ᠳᠠᠭᠠᠭᠤᠯᠤᠨ ᠬᠡᠷ ᠣᠷᠣᠨ ᠢᠶᠠᠨ ᠰᠠᠬᠢᠨ ᠬᠠᠮᠠᠭᠠᠯᠠᠬᠤ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ | ᠪᠠᠶᠢᠭᠤᠯᠤᠯᠲᠠ ᠲᠠᠢ ᠬᠠᠮᠲᠤᠷᠠᠨ ᠪᠠᠭᠤᠷᠠᠶᠢᠴᠤᠤᠯ ᠢ ᠬᠠᠯᠠᠮᠵᠢᠯᠠᠨ ᠬᠠᠶᠢᠷᠠᠯᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ | ᠰᠢᠨ᠎ᠡ ᠴᠠᠭ ᠦᠶ᠎ᠡ ᠶᠢᠨ ᠵᠠᠯᠠᠭᠤ ᠰᠠᠶᠢᠨ ᠳᠤᠷᠠᠴᠤᠳ ᠤᠨ ᠬᠤᠰᠢᠭᠤᠴᠢ ᠬᠦᠴᠦᠨ ᠢ ᠢᠯᠡᠷᠡᠭᠦᠯᠬᠦ ᠪᠤᠯᠤᠨ᠎ᠠ︾ ᠭᠡᠵᠦ | ᠳᠤᠮᠳᠠᠳᠤ ᠤᠯᠤᠰ ᠤᠨ ᠵᠠᠯᠠᠭᠤ ᠰᠠᠶᠢᠨ ᠲᠤᠷᠠᠴᠤᠤᠯ ᠤᠨ ᠰᠢᠯᠢᠳᠡᠭ ᠬᠤᠪᠢ ᠬᠥᠮᠦᠨ ᠪᠠᠷ ᠦᠨᠡᠯᠡᠭᠳᠡᠭᠰᠡᠨ ᠳ᠋ᠦ᠋ | ᠲᠢᠶᠧ ᠢ ᠶᠠᠷᠢᠯ᠎ᠠ᠃ | ᠡᠨᠡ ᠬᠡᠳᠦᠨ ᠵᠢᠯ᠂ ᠬᠢᠩᠭᠠᠨ ᠠᠶᠢᠮᠠᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠡᠯᠪᠡᠭ | ᠪᠠᠶᠠᠯᠢᠭ ᠦᠷ᠎ᠡ ᠪᠦᠲᠦᠭᠡᠯ ᠤᠯᠤᠬᠰᠠᠨ ᠪᠠᠶᠢᠨ᠎ᠠ᠃ ᠪᠥᠬᠦ ᠠᠶᠢᠮᠠᠭ ᠲᠤ ᠣᠲᠣ ᠡᠯ᠎ᠡ ᠲᠥᠷᠥᠯ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠡᠩᠨᠡᠭᠡ 7776 ᠪᠠᠶᠢᠵᠤ᠂ ᠳᠠᠩᠰᠠᠯᠠᠭᠤᠯᠤᠭᠰᠠᠨ ᠰᠠᠶᠢᠨ ᠳᠤᠷ᠎ᠠ ᠶᠢᠨ | ᠦᠢᠯᠡᠴᠢᠯᠡᠭᠴᠢ 17.38 ᠲᠦᠮᠡᠨ ᠬᠥᠮᠦᠨ ᠪᠣᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠳᠦᠷ | ᠢᠷᠡᠬᠦᠶ᠎ᠡ ᠪᠠᠶᠠᠯᠢᠭᠵᠢᠵᠤ᠂ ᠦᠢᠯᠡᠴᠢᠯᠡᠭᠡᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠠᠩᠬ᠎ᠠ ᠠᠯᠬᠤᠮ | ᠪᠦᠷᠢᠯᠳᠦᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠬᠤ ᠰᠢᠨ᠎ᠡ ᠬᠡᠪ ᠰᠤᠷᠳᠠᠯ ᠶᠠᠪᠤᠬᠤ | ᠳᠤᠳᠤᠮ ᠦᠳᠭᠡᠨ ᠪᠣᠯᠤᠭᠰᠠᠨ ᠪᠠᠶᠢᠨ᠎ᠠ᠃ ︵ᡁᠢ ᠮᠢᠨ ᠸᠧᠨ ᠵᠢᠶᠦ᠋ᠨ︶ | | | | | |