ᠵᠤᠤ ᠬᠠᠢ ᠱᠧᠩ ᠰᠢᠨ᠎ᠡ ᠴᠠᠭ ᠦᠶ᠎ᠡ ᠶᠢᠨ ᠯᠸᠢ ᠹᠧᠩ ᠤᠨ ᠦᠯᠢᠭᠡᠷ ᠢ ᠪᠢᠴᠢᠭᠯᠡᠨ᠎ᠡ
ᠨᠡᠶᠢᠲᠡᠯᠡᠭᠰᠡᠨ ᠴᠠᠭ᠄
2025/3/6
        ᠤᠯᠠᠭᠠᠨᠬᠤᠲᠠ ᠶᠢᠨ ᠤᠯᠠᠭᠠᠨ ᠬᠤᠲᠠ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠵᠤᠤ ᠬᠠᠢ ᠱᠧᠩ᠂ ᠤᠯᠠᠨ ᠵᠢᠯ ᠤᠨ ᠲᠤᠷᠰᠢ ᠶᠠᠳᠠᠭᠤ ᠶᠢ ᠲᠡᠳᠬᠦᠵᠦ ᠬᠦᠴᠢᠷᠳᠡᠯᠲᠡᠢ ᠶᠢ ᠲᠤᠰᠠᠯᠠᠬᠤ᠂ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ᠂ ᠤᠨᠤᠯ ᠤᠨ ᠤᠬᠠᠭᠤᠯᠤᠨ ᠲᠠᠶᠢᠯᠪᠤᠷᠢᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠬᠠᠷᠠᠮ ᠦᠭᠡᠢ ᠵᠣᠷᠢᠭᠤᠯᠬᠤ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ ᠰᠠᠨᠠᠭ᠎ᠠ ᠳᠤ ᠠᠮᠢᠳᠤᠯᠢᠭ ᠲᠠᠶᠢᠯᠪᠤᠷᠢ ᠬᠢᠵᠡᠢ᠃        ᠤᠯᠠᠭᠠᠨᠬᠤᠲᠠ ᠶᠢᠨ ᠠᠶᠢᠭᠦ᠋ᠸᠧ ᠬᠤᠶᠠᠳᠤᠭᠠᠷ ᠪᠠᠭ᠎ᠠ ᠰᠤᠷᠭᠠᠭᠤᠯᠢ ᠳᠤ᠂ ︽ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠳᠤᠷᠠᠲᠠᠶ᠎ᠠ ᠪᠤᠰᠤᠳ ᠢ ᠳᠡᠮᠵᠢᠬᠦ ᠶᠢ ᠪᠠᠷᠢᠮᠲᠠᠯᠠᠶ᠎ᠠ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠯ᠎ᠠ᠃ ᠪᠠᠭ᠎ᠠ ᠨᠠᠰᠤᠨ ᠤ ᠥᠩᠭᠡᠷᠡᠯᠲᠡ ᠠᠴᠠ ᠴᠡᠷᠢᠭ ᠲᠤ ᠣᠷᠣᠬᠤ ᠬᠦᠷᠲᠡᠯ᠎ᠡ᠂ ᠦᠭᠡ ᠳᠠᠭᠤᠨ ᠦᠭᠡᠢ ᠪᠠᠷ ᠬᠠᠷᠠᠮ ᠦᠭᠡᠢ ᠵᠣᠷᠢᠭᠤᠯᠤᠭᠰᠠᠨ ᠠᠴᠠ ᠢᠷᠠᠭᠤ ᠠᠯᠳᠠᠷ ᠲᠠᠢ ᠪᠠᠷ ᠪᠡᠶ᠎ᠡ ᠦᠷᠡᠭᠳᠡᠭᠰᠡᠨ ᠁ ᠵᠤᠤ ᠬᠠᠢ ᠱᠧᠩ ᠯᠧᠶ ᠹᠧᠩ ᠤᠨ ᠪᠠᠭᠠᠲᠤᠷᠯᠢᠭ ᠦᠢᠯᠡ ᠶᠠᠪᠤᠳᠠᠯ ᠢ ᠶᠠᠷᠢᠵᠤ᠂ ᠬᠡᠦᠬᠡᠳ ᠤᠳ ᠤᠨ ᠰᠡᠳᠬᠢᠯ ᠳᠤ ᠴᠠᠶᠢᠯᠭᠠᠨ ᠴᠠᠭᠠᠪᠤᠷᠢ ᠪᠠ ᠬᠠᠷᠠᠮ ᠦᠭᠡᠢ ᠵᠣᠷᠢᠭᠤᠯᠬᠤ ᠦᠷ᠎ᠡ ᠶᠢ ᠲᠠᠷᠢᠵᠠᠢ᠃        ︽ᠡᠳᠡᠭᠡᠷ ᠦᠢᠯᠡ ᠶᠠᠪᠤᠳᠠᠯ ᠢ ᠬᠡᠦᠬᠡᠳ ᠲᠤ ᠶᠠᠷᠢᠵᠤ ᠥᠭᠬᠦ ᠨᠢ ᠣᠨᠴᠠᠭᠠᠢ ᠤᠳᠬ᠎ᠠ ᠠᠭᠤᠯᠭ᠎ᠠ ᠲᠠᠢ ᠰᠠᠨᠠᠭᠳᠠᠵᠤ ᠪᠠᠶᠢᠨ᠎ᠠ᠃ ᠥᠪᠡᠷ ᠤᠨ ᠠᠵᠢᠯᠯᠠᠭ᠎ᠠ ᠪᠣᠯᠤᠨ ᠬᠠᠶᠢᠷ᠎ᠠ ᠰᠡᠳᠬᠢᠯᠭᠡ ᠪᠠᠷ ᠢᠶᠠᠨ ᠢᠳᠡᠪᠬᠢ ᠬᠦᠴᠦᠨ ᠢ ᠳᠠᠮᠵᠢᠭᠤᠯᠪᠠᠯ ᠯᠧᠢ ᠹᠧᠩ ᠤᠨ ᠵᠣᠷᠢᠭ ᠰᠠᠨᠠᠭ᠎ᠠ ᠳᠠᠷᠤᠶ ᠦᠶ᠎ᠡ ᠦᠶ᠎ᠡ ᠶᠢᠨ ᠬᠥᠮᠦᠰ ᠤᠨ ᠪᠡᠶ᠎ᠡ ᠳᠡᠭᠡᠷ᠎ᠡ ᠦᠷᠭᠦᠯᠵᠢᠯᠡᠨ᠎ᠡ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︾ ᠭᠡᠵᠦ ᠵᠣᠤ ᠬᠠᠢ ᠱᠧᠩ ᠬᠡᠯᠡᠨ᠎ᠡ᠃        ᠯᠸᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ ᠤᠯᠠᠮᠵᠢᠯᠠᠵᠤ᠂ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠨ᠎ᠡ ᠳᠦᠷᠰᠦ ᠪᠠᠶᠢᠳᠠᠯ ᠢ ᠪᠤᠢ ᠪᠣᠯᠭᠠᠬᠤ ᠶᠢᠨ ᠲᠥᠯᠥᠭᠡ᠂ ᠵᠤᠤ ᠬᠠᠢ ᠱᠧᠩ ᠲᠣᠭᠲᠠᠮᠠᠯ ᠬᠤᠭᠤᠴᠠᠭ᠎ᠠ ᠲᠠᠢ ᠪᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠳᠡᠭ᠃ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠰᠢᠤᠸᠠᠢ ᠶᠢᠨ ᠤ ᠭᠡᠷ ᠲᠤ᠂ ᠵᠤᠤ ᠬᠠᠢ ᠱᠧᠩ᠂ ᠨᠠᠰᠤᠲᠠᠨ ᠳᠤ ᠦᠨᠢᠶᠡᠨ ᠰᠦ᠂ ᠲᠤᠲᠤᠷᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠰᠡᠯ ᠢ ᠬᠦᠷᠭᠡᠵᠦ᠂ ᠲᠡᠭᠦᠨ ᠤ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠰᠠᠶᠢᠨ ᠳᠤᠷ᠎ᠠ ᠶᠢᠨ ᠦᠢᠯᠡᠴᠢᠯᠡᠭᠴᠢᠳ ᠢ ᠳᠠᠭᠠᠭᠤᠯᠤᠨ ᠬᠦᠷᠢᠶ᠎ᠡ ᠬᠠᠰᠢᠶ᠎ᠠ᠂ ᠬᠤᠭ ᠨᠣᠪᠰᠢ ᠶᠢ ᠨᠢ ᠴᠡᠪᠡᠷᠯᠡᠵᠦ᠂ ᠨᠠᠰᠤᠲᠠᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠶᠢᠷ᠎ᠠ ᠬᠠᠯᠠᠮᠵᠢ ᠬᠦᠷᠲᠡᠭᠡᠵᠡᠢ᠃        ᠵᠤᠤ ᠬᠠᠢ ᠱᠧᠩ ᠥᠪᠡᠷ ᠤᠨ ᠬᠠᠯᠠᠭᠤᠨ ᠰᠡᠳᠬᠢᠯᠭᠡ ᠪᠣᠯᠤᠨ ᠪᠠᠷᠢᠮᠲᠠᠯᠠᠯ ᠢᠶᠠᠷ ᠢᠶᠠᠨ ᠳᠡᠷᠭᠡᠳᠡᠬᠢ ᠬᠥᠮᠦᠨ ᠨᠢᠭᠡᠪᠦᠷᠢ ᠶᠢ ᠤᠷᠢᠶᠠᠯᠠᠵᠤ ᠪᠠᠶᠢᠨ᠎ᠠ᠃ ᠲᠡᠭᠦᠨ ᠤ ᠳᠠᠭᠠᠭᠤᠯᠭ᠎ᠠ ᠪᠠᠷ ᠤᠯᠠᠭᠠᠨᠬᠤᠲᠠ ᠶᠢᠨ ᠤᠯᠠᠭᠠᠨ ᠬᠤᠲᠠ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠠᠩᠬ᠎ᠠ ᠪᠠᠶᠢᠭᠤᠯᠤᠭᠳᠠᠬᠤ ᠦᠶ᠎ᠡ ᠶᠢᠨ ᠠᠷᠪᠠᠨ ᠬᠡᠳᠦᠨ ᠬᠥᠮᠦᠨ ᠪᠠᠶᠢᠭᠰᠠᠨ ᠠᠴᠠ ᠪᠠᠨ ᠣᠳᠣ 300 ᠭᠠᠷᠤᠶ ᠬᠥᠮᠦᠨ ᠪᠣᠯᠵᠤ᠂ ᠡᠯ᠎ᠡ ᠠᠵᠢᠯ ᠲᠥᠷᠥᠯ᠂ ᠠᠳᠠᠯᠢ ᠪᠤᠰᠤ ᠨᠠᠰᠤᠨ ᠤ ᠬᠠᠶᠢᠷ᠎ᠠ ᠬᠠᠯᠠᠮᠵᠢ ᠲᠠᠢ ᠬᠥᠮᠦᠰ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠲᠠᠰᠤᠷᠠᠯᠲᠠ ᠦᠭᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠡᠶ᠃        ︽ᠤᠯᠠᠭᠠᠨ ᠬᠤᠲᠠ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠨᠡᠶᠢᠭᠡᠮᠯᠢᠭ ᠲᠤ ᠤᠷᠤᠭᠰᠠᠨ ᠤ ᠳᠠᠷᠠᠭ᠎ᠠ᠂ ᠪᠢ ᠵᠣᠣ ᠬᠠᠶ ᠱᠧᠩ ᠢ ᠳᠠᠭᠠᠵᠤ ᠮᠠᠰᠢ ᠣᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠵᠠᠢ ᠂ ᠲᠡᠭᠦᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠲᠠᠬᠢ ᠵᠣᠷᠢᠭᠤᠯᠤᠯ ᠪᠠ  ᠪᠠᠷᠢᠮᠲᠠᠯᠠᠯ ᠨᠢ ᠮᠢᠨᠤ ᠰᠡᠳᠬᠢᠯ ᠢ ᠶᠡᠬᠡᠳᠡ ᠬᠥᠳᠡᠯᠭᠡᠪᠡ᠃ ᠪᠢ ᠪᠠᠰᠠ ᠲᠡᠭᠦᠨ ᠲᠠᠢ ᠠᠳᠠᠯᠢ ᠪᠠᠷ ᠵᠠᠯᠠᠭᠤ ᠨᠠᠰᠤ ᠪᠠᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠵᠣᠷᠢᠭᠤᠯᠵᠤ᠂ ᠨᠡᠩ ᠤᠯᠠᠨ ᠬᠥᠮᠦᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ︾ ᠭᠡᠵᠦ ᠤᠯᠠᠭᠠᠨᠬᠤᠲᠠ ᠶᠢᠨ ᠤᠯᠠᠭᠠᠨ ᠬᠤᠲᠠ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠠᠩ ᠱᠤᠸᠠᠢ ᠰᠡᠳᠬᠢᠯ ᠳᠣᠭᠳᠣᠯᠤᠨ ᠬᠡᠯᠡᠪᠡ᠃        ︽ᠯᠧᠢ ᠹᠧᠩ ᠤᠨ ᠵᠣᠷᠢᠭ ᠰᠠᠨᠠᠭ᠎ᠠ ᠪᠣᠯ ᠦᠨᠢ ᠡᠭᠦᠷᠢᠲᠡ ᠶᠢᠨ ᠶᠤᠮ᠂ ᠲᠡᠷᠡ ᠨᠢ ᠮᠠᠨ ᠤ ᠦᠶ᠎ᠡ ᠦᠶ᠎ᠡ ᠶᠢᠨ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ ᠪᠣᠰᠣᠳ ᠢ ᠬᠠᠯᠠᠮᠵᠢᠯᠠᠨ᠂ ᠨᠡᠶᠢᠭᠡᠮ ᠳᠤ ᠬᠤᠪᠢ ᠨᠡᠮᠡᠷᠢ ᠦᠵᠡᠭᠦᠯᠦᠨ᠎ᠡ᠃ ᠤᠯᠠᠭᠠᠨ ᠬᠤᠲᠠ ᠰᠠᠶᠢᠨ ᠳᠤᠷᠠᠴᠤᠳ ᠤᠨ ᠨᠡᠶᠢᠭᠡᠮᠯᠢᠭ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢᠳᠡ ᠡᠨᠡ ᠬᠦ ᠵᠣᠷᠢᠭ ᠰᠠᠨᠠᠭ᠎ᠠ ᠶᠢ ᠤᠯᠠᠮᠵᠢᠯᠠᠵᠤ᠂ ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠠᠩ ᠢᠯᠡᠭᠦᠦ ᠭᠡᠷᠡᠯ ᠭᠢᠯᠪᠠᠭ᠎ᠠ ᠰᠠᠴᠤᠷᠠᠭᠤᠯᠤᠨ᠎ᠠ︾ ᠭᠡᠵᠦ ᠵᠣᠣ ᠬᠠᠢ ᠱᠧᠩ ᠢᠯᠡᠳᠭᠡᠪᠡ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号