ᠤᠯᠠᠭᠠᠨᠬᠤᠲᠠ ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/6
        3 ᠰᠠᠷ᠎ᠠ ᠶᠢᠨ 4 ᠤ ᠡᠳᠦᠷ᠂ ᠤᠯᠠᠭᠠᠨᠬᠤᠲᠠ ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠮᠠ ᠮᠧᠩ᠂ ᠯᠢ ᠶᠢᠩ ᠺᠦᠨ᠂ ᠸᠠᠩ ᠶᠦᠨ ᠯᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ︵︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾︶ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ 2024 ᠣᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠢ ᠳ᠋ᠦᠩᠨᠡᠨ ᠪᠦᠷᠢᠳᠬᠡᠬᠦ ᠶᠢᠨ ᠬᠠᠮᠲᠤ 2025 ᠣᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠪᠦᠬᠦ ᠬᠤᠳᠠ ᠶᠢᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠤᠯᠠᠮ ᠴᠢᠨᠠᠭᠰᠢᠳᠠ ᠨᠢᠭᠲᠠᠷᠠᠭᠤᠯᠣᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ︽ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ︾ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠬᠥᠳᠡᠭᠡ ᠠᠵᠤ ᠠᠬᠤᠢ ᠶᠢᠨ ᠡᠷᠴᠢᠮᠵᠢᠯᠲᠡ᠂ ᠠᠵᠤ ᠦᠢᠯᠡᠰᠵᠢᠯᠲᠡ᠂ ᠬᠡᠪᠴᠢᠶᠡᠵᠢᠭᠰᠡᠨ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠠᠵᠢᠯ ᠦᠢᠯᠡᠰ ᠪᠣᠰᠬᠠᠬᠤ ᠳᠤ ᠳᠣᠬᠢᠷᠠᠮᠵᠢᠲᠠᠢ ᠵᠤᠭᠠᠴᠠᠬᠤ ᠳᠤ ᠲᠣᠬᠢᠷᠠᠮᠵᠢᠲᠠᠢ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠪᠦᠬᠦ ᠬᠦᠴᠦᠨ ᠢᠶᠠᠷ ᠴᠣᠭᠴᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠦᠨᠳᠦ ᠡᠭᠦᠷᠭᠡ ᠶᠢ ᠡᠷᠡᠰ ᠪᠠᠲᠤ ᠡᠭᠦᠷᠭᠡᠯᠡᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠡᠳ᠋ᠰᠢᠭᠦᠯᠬᠦ᠂ ᠨᠡᠷᠡᠲᠦ ᠲᠡᠮᠳᠡᠭᠴᠢᠯᠡᠬᠦ᠂ ᠪᠣᠷᠣᠯᠠᠭᠤᠯᠬᠤ ᠭᠤᠷᠪᠠᠨ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠠᠳᠬᠤᠵᠤ᠂ ᠠᠵᠤ ᠦᠢᠯᠡᠳᠪᠦᠷᠢᠵᠢᠯᠲᠡ ᠶᠢᠨ ᠣᠶᠢᠯᠠᠭᠠᠭᠳᠠᠬᠤᠨ ᠪᠠ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠶᠢ ᠭᠦᠨᠵᠡᠭᠡᠶᠢᠷᠡᠭᠦᠯᠵᠦ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠲᠤᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠬᠡᠷᠡᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠤᠳᠠ ᠪᠠᠯᠭᠠᠰᠤᠨ ᠤ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ︽ᠲᠠᠪᠤᠨ ᠰᠠᠶᠢᠨ ᠬᠤᠶᠠᠷ ᠲᠣᠬᠢᠷᠠᠮᠵᠢᠲᠠᠢ︾ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠤᠷᠰᠢᠯᠲᠠ ᠶᠢᠨ ᠴᠡᠭ ᠢ ᠪᠦᠬᠦ ᠬᠦᠴᠦᠨ ᠢᠶᠠᠷ ᠲᠡᠮᠡᠴᠡᠨ ᠤᠯᠬᠤ ᠬᠡᠷᠡᠭᠲᠡᠢ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠲᠦᠷᠢᠮ ᠪᠣᠯᠤᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠦᠨᠡᠨ ᠬᠦ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ︽ᠲᠦᠷᠪᠡ ᠶᠢ ᠰᠠᠯᠭᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠲᠦᠭᠰᠢᠭᠦᠷᠢ ᠦᠯᠦ ᠭᠠᠷᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠵᠦ᠂ ᠲᠠᠷᠢᠶᠠᠯᠠᠩ ᠤᠨ ᠬᠡᠷᠡᠭᠰᠡᠯ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠵᠢᠭᠡᠯᠡᠯᠭᠡ ᠲᠠᠯᠪᠢᠬᠤ ᠪᠠ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠣᠳᠠᠲᠠᠢ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号