| ᠣᠶᠢᠷ᠎ᠠ ᠳᠤ᠂ ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ | ᠬᠤᠷᠢᠶᠠᠨ ᠤ ᠱᠧᠩᠯᠢ ᠨᠡᠶᠢᠭᠡᠮ ᠲᠣᠭᠤᠷᠢᠭ ᠬᠤᠪᠢᠶᠠᠷᠢ ᠬᠤᠷᠢᠶᠠᠨ ᠤ ᠡᠮᠴᠢᠯᠡᠭᠡᠨ ᠤ ᠰᠢᠨᠵᠢᠯᠡᠬᠦ ᠤᠬᠠᠭᠠᠨ ᠤ | ᠮᠡᠳᠡᠯᠭᠡ ᠶᠢ ᠲᠦᠭᠡᠮᠡᠯᠵᠢᠭᠦᠯᠬᠦ ᠪᠦᠯᠬᠦᠮ ᠬᠠᠷᠢᠶᠠᠲᠤ ᠣᠷᠣᠨ ᠤ ᠬᠢᠩᠭᠠᠨ ᠠᠶᠢᠮᠠᠭ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠬᠤᠪᠢᠶᠠᠷᠢ ᠲᠥᠪ ᠲᠤ ᠬᠦᠷᠴᠦ᠂ ︽ᠵᠢᠷᠦᠬᠡ ᠠᠭᠤᠰᠭᠢᠨ ᠤ ᠯᠤᠬᠰᠢᠯᠳᠠ ᠶᠢ ᠰᠡᠷᠭᠦᠭᠡᠬᠦ ᠲᠦᠷᠭᠡᠨ ᠠᠪᠤᠷᠠᠯᠳᠠ ᠶᠢᠨ | ᠠᠷᠭ᠎ᠠ︾ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠬᠢᠪᠡ᠃ | ᠲᠠᠶᠢᠯᠤᠮᠵᠢ ᠳᠤ ᠶᠡᠷᠦᠩᠬᠡᠶ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠯᠭᠡ ᠪᠣᠯᠤᠨ ᠬᠦᠨᠳᠦ ᠡᠪᠡᠳᠴᠢᠨ ᠤ | ᠡᠮᠨᠡᠯᠭᠡ ᠶᠢᠨ ᠰᠠᠯᠠᠭ᠎ᠠ ᠶᠢᠨ ᠡᠮᠴᠢ ᠠᠴᠠ ᠵᠢᠷᠦᠬᠡ ᠠᠭᠤᠰᠭᠢᠨ ᠤ ᠯᠤᠬᠰᠢᠯᠳᠠ ᠶᠢᠨ ᠰᠡᠷᠭᠦᠭᠡᠯᠲᠡ ᠶᠢᠨ ᠠᠷᠭ᠎ᠠ ᠪᠣᠯᠤᠨ | ᠴᠢᠬᠤᠯᠠ ᠴᠢᠨᠠᠷ ᠢ ᠲᠠᠨᠢᠯᠴᠠᠭᠤᠯᠵᠤ᠂ ᠵᠢᠷᠦᠬᠡ ᠠᠭᠤᠰᠭᠢᠨ ᠤ ᠯᠤᠬᠰᠢᠯᠳᠠ ᠶᠢᠨ ᠰᠡᠷᠭᠦᠭᠡᠯᠲᠡ ᠶᠢᠨ ᠪᠣᠳᠠᠲᠠᠶ ᠠᠯᠬᠤᠮ | ᠳᠠᠷᠠᠭ᠎ᠠ ᠳᠤ ᠨᠠᠷᠢᠨ ᠲᠠᠶᠢᠯᠪᠤᠷᠢᠯᠠᠯᠳᠠ ᠬᠢᠵᠦ᠂ ᠠᠵᠢᠯᠯᠠᠭᠠᠨ ᠤ ᠲᠠᠯᠠᠪᠤᠷ ᠤᠨ ᠠᠮᠤᠷ ᠲᠦᠪᠰᠢᠨ᠂ | ᠪᠠᠶᠢᠴᠠᠭᠠᠯᠲᠠ ᠶᠢᠨ ᠶᠠᠪᠤᠴᠠ᠂ ᠪᠠᠴᠢᠮ ᠠᠪᠤᠷᠠᠯᠲᠠ ᠬᠢᠬᠦ᠂ ᠵᠢᠷᠦᠬᠡ ᠠᠭᠤᠰᠭᠢᠨ ᠤ ᠯᠤᠬᠰᠢᠯᠳᠠ ᠶᠢ ᠰᠡᠷᠬᠦᠭᠡᠬᠦ᠂ | ᠴᠡᠭᠡᠵᠢᠨ ᠭᠠᠳᠠᠨ᠎ᠠ ᠳᠠᠷᠤᠯᠲᠠ ᠥᠭᠬᠦ᠂ ᠬᠥᠮᠦᠨ ᠤ ᠬᠦᠴᠦ ᠪᠠᠷ ᠠᠮᠢᠰᠬᠤᠭ᠎ᠠ ᠠᠪᠬᠤ ᠵᠡᠷᠭᠡ ᠲᠠᠯ᠎ᠠ ᠶᠢᠨ | ᠠᠭᠤᠯᠭ᠎ᠠ ᠶᠢ ᠪᠠᠭᠲᠠᠭᠠᠬᠰᠠᠨ ᠪᠦᠭᠡᠳ ᠲᠠᠶᠢᠯᠤᠮᠵᠢ ᠨᠢ ᠪᠠᠰᠠ ᠤᠴᠠᠭᠠᠶᠢᠯᠠᠨ ᠪᠣᠳᠠᠲᠠᠶ ᠪᠣᠯᠪᠠᠰᠤᠷᠠᠯ ᠤᠨ ᠭᠤᠭᠴᠤᠭ᠎ᠠ | ᠳᠣᠭᠢᠷᠠᠭᠤᠯᠵᠤ᠂ ᠵᠢᠷᠤᠭ ᠤᠨ ᠦᠵᠡᠭᠦᠯᠭᠡ ᠪᠠ ᠪᠣᠳᠠᠲᠠᠶ ᠪᠣᠯᠪᠠᠰᠤᠷᠠᠯ ᠤᠨ ᠦᠵᠡᠭᠦᠯᠭᠡ ᠬᠢᠵᠦ᠂ ᠣᠯᠠᠨ ᠢ | ᠬᠠᠪᠰᠤᠷᠤᠨ ᠵᠥᠪ ᠠᠵᠢᠯᠯᠠᠬᠤ ᠠᠷᠭ᠎ᠠ ᠶᠢ ᠡᠵᠡᠮᠰᠢᠭᠦᠯᠪᠠ᠃ | ᠡᠬᠦᠨ ᠠᠴᠠ ᠭᠠᠳᠠᠨ᠎ᠠ᠂ ᠲᠡᠳᠡ ᠪᠠᠰᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠳᠤᠰᠠᠯᠠᠬᠤ | ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠬᠡᠷᠡᠭᠰᠡᠯ ᠢ ᠨᠡᠶᠢᠳᠡ 300 ᠭᠠᠷᠤᠶ ᠬᠤᠪᠢ | ᠲᠠᠷᠬᠠᠭᠠᠪᠠ᠃ ︵ᠠᠷᠢᠭᠤᠨ︶ |