ᠲᠤᠰᠬᠠᠢ ᠬᠤᠷᠰᠢᠶ᠎ᠠ ᠪᠠᠷ ᠬᠦᠳᠦᠯᠦᠨ ᠳᠠᠭᠠᠭᠤᠯᠵᠤ ᠬᠦᠳᠡᠭᠡ ᠲᠤᠰᠬᠤᠨ ᠤ ᠰᠢᠨ᠎ᠠ ᠵᠢᠷᠤᠭ ᠲᠦᠷᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2025/3/6
        ︽ᠦᠩᠭᠡᠷᠡᠭᠰᠡᠨ ᠳᠤ ᠮᠠᠨ ᠤ ᠲᠠᠷᠢᠶᠠᠴᠢᠳ ᠳᠠᠷᠢᠶᠠᠯᠠᠩ ᠦᠢᠯᠡᠳᠪᠦᠷᠢᠯᠡᠯ ᠳᠤᠮᠳᠠ ᠬᠦᠴᠢᠷ ᠠᠰᠠᠭᠤᠳᠠᠯ ᠲᠠᠭᠠᠷᠠᠪᠠᠯ ᠰᠶᠢᠳᠪᠤᠷᠢᠯᠡᠵᠤ ᠲᠡᠶᠢᠯᠬᠦ ᠦᠭᠡᠢ ᠪᠠᠴᠢᠮᠳᠠᠵᠤ ᠵᠤᠪᠠᠳᠠᠭ᠃ ᠡ᠊ᠨᠠ ᠵᠢᠯ ᠳᠤᠰᠬᠠᠢ ᠬᠤᠷᠰᠢᠶ᠎ᠠ ᠲᠠᠢ ᠭᠡᠷ᠎ᠠ ᠲᠤᠭᠳᠠᠵᠤ᠂ ᠠᠮᠤ ᠪᠤᠳᠠᠭ᠎ᠠ ᠪᠠᠨ ᠬᠤᠳᠠᠯᠳᠤᠬᠤ ᠳᠤ ᠵᠤᠪᠠᠭ᠋ᠤ ᠦᠭᠡᠢ ᠪᠤᠯᠵᠠᠢ︾ ᠭᠡᠵᠤ ᠤᠶᠢᠷ᠎ᠠ ᠶᠢᠨ ᠡᠳᠤᠷ᠂ ᠤᠯᠠᠭᠠᠨᠬᠤᠳᠠ ᠶᠢᠨ ᠢᠯᠡᠯᠳᠠ ᠪᠠᠯᠭᠠᠰᠤᠨ ᠤ ᠤᠰᠤᠨ ᠲᠤᠳᠤᠷᠭ᠎ᠠ ᠶᠢᠨ ᠲᠠᠷᠢᠮᠠᠯ ᠤᠨ ᠡᠷᠤᠬᠡ ᠶᠠᠩ ᠴᠦᠨ ᠾᠧ ᠪᠠᠶᠠᠷᠯᠠᠨ ᠭᠡᠯᠡᠵᠤ ᠪᠠᠶᠢᠯ᠎ᠠ᠃        ᠶᠠᠩ ᠴᠦᠨ ᠾᠧ ᠶᠢᠨ ᠬᠡᠯᠡᠵᠤ ᠪᠠᠶᠢᠭ᠎ᠠ ︽ᠬᠤᠳᠠᠯᠳᠤᠬᠤ ᠳᠤ ᠵᠤᠪᠠᠭ᠋ᠤ ᠦᠭᠡᠢ︾ ᠭᠡᠳᠡᠭ ᠨᠢ ᠤᠯᠠᠭᠠᠨᠬᠤᠳᠠ ᠶᠢᠨ ᠮᠢᠩ ᠡᠣ ᠤᠰᠤᠨ ᠲᠤᠳᠤᠷᠭ᠎ᠠ ᠶᠢᠨ ᠲᠤᠰᠬᠠᠢ ᠬᠤᠷᠰᠢᠶ᠎ᠠ ᠲᠠᠷᠢᠶᠠᠴᠢᠳ ᠲᠠᠢ ︽ᠤᠰᠤᠨ ᠲᠤᠳᠤᠷᠭ᠎ᠠ ᠶᠢᠨ ᠲᠠᠩᠰᠠ ᠵᠠᠬᠢᠶᠠᠯᠠᠬᠤ︾ ᠭᠡᠷ᠎ᠠ ᠲᠤᠭᠳᠠᠭᠰᠠᠨ ᠢ ᠵᠢᠭᠠᠵᠤ ᠪᠤᠢ᠃ ︽ᠬᠤᠷᠰᠢᠶ᠎ᠠ + ᠲᠠᠷᠢᠶᠠᠴᠢᠨ︾  ᠤ ᠬᠡᠯᠪᠡᠷᠢ ᠪᠠᠷ ᠲᠠᠮᠵᠢᠨ᠂ ᠵᠠᠬᠢᠶᠠᠯᠠᠭ᠎ᠠ ᠶᠢᠨ ᠲᠠᠩᠰᠠ ᠶᠢ ᠬᠦᠴᠤᠯᠡᠨ ᠬᠦᠭᠵᠢᠬᠦᠯᠵᠤ᠂ ᠨᠠᠮᠤᠷ ᠤᠨ ᠬᠤᠷᠢᠶᠠᠯᠳᠠ ᠶᠢᠨ ᠦᠶᠡᠰ ᠰᠢᠭᠤᠳ ᠲᠠᠷᠢᠶᠠᠴᠢᠳ ᠠᠴᠠ ᠤᠰᠤᠨ ᠳᠤᠳᠤᠷᠭ᠎ᠠ ᠶᠢ ᠨᠢ ᠬᠤᠷᠢᠶᠠᠨ ᠬᠤᠳᠠᠯᠳᠤᠨ ᠠᠪᠴᠤ᠂ ᠳᠡᠳᠡᠨ ᠤ ᠤᠰᠤᠨ ᠳᠤᠳᠤᠷᠭ᠎ᠠ ᠪᠠᠨ ᠪᠤᠷᠤᠯᠠᠭᠤᠯᠬᠤ ᠠᠰᠠᠭᠤᠳᠠᠯ ᠢ ᠰᠶᠢᠳᠪᠤᠷᠢᠯᠡᠨ ᠦᠭᠴᠤ᠂ ᠪᠦᠬᠦ ᠪᠠᠯᠭᠠᠰᠤᠨ ᠤ ᠤᠰᠤᠨ ᠲᠤᠳᠤᠷᠭ᠎ᠠ ᠲᠠᠷᠢᠵᠤ ᠤᠷᠭᠤᠭᠤᠯᠬᠤ ᠠᠵᠤ ᠦᠢᠯᠡᠰ ᠤᠨ ᠤᠨᠠᠯᠳᠠ ᠶᠢ ᠲᠡᠭᠡᠭᠰᠢᠯᠡᠬᠦᠯᠤᠨ ᠳᠠᠷᠢᠶᠠᠴᠢᠤᠨ ᠤᠨ ᠤᠷᠤᠯᠭ᠎ᠠ ᠶᠢ ᠨᠡᠮᠡᠭᠳᠡᠬᠦᠯᠬᠦ ᠶᠢ ᠠᠬᠢᠭᠤᠯᠤᠨ᠎ᠠ᠃        ︽ᠤᠤᠯ ᠳᠠᠭᠠᠨ ᠲᠠᠷᠠᠬᠠᠢ ᠪᠤᠳᠠᠷᠬᠠᠢ ᠪᠠᠷ ᠤᠰᠤᠨ ᠳᠤᠳᠤᠷᠭ᠎ᠠ ᠳᠠᠷᠢᠵᠤ ᠪᠠᠶᠢᠭᠰᠠᠨ ᠲᠠᠷᠢᠶᠠᠴᠢᠨ ᠡᠷᠤᠬᠡ ᠦᠷᠬᠦᠯᠵᠢ ᠬᠡᠷᠬᠢᠨ ᠲᠠᠷᠢᠬᠤ᠂ ᠬᠡᠷᠬᠢᠨ ᠬᠤᠳᠠᠯᠳᠤᠬᠤ ᠵᠡᠷᠭᠡ ᠬᠦᠴᠢᠷ ᠠᠰᠠᠭᠤᠳᠠᠯ ᠳᠤ ᠲᠤᠯᠭᠠᠷᠠᠳᠠᠭ᠃ ᠤᠳᠤ᠂ ᠬᠤᠷᠰᠢᠶ᠎ᠠ ᠠᠴᠠ ᠲᠠᠷᠠᠬᠠᠢ ᠪᠤᠳᠠᠷᠬᠠᠢ ᠲᠠᠷᠢᠶᠠᠴᠢᠨ ᠡᠷᠤᠬᠡ ᠶᠢ ᠵᠤᠬᠢᠶᠠᠨ ᠪᠠᠶᠢᠭᠤᠯᠵᠤ᠂ ᠬᠤᠪᠢ ᠤᠷᠤᠭᠤᠯᠬᠤ ᠬᠡᠯᠪᠡᠷᠢ ᠪᠠᠷ ᠵᠠᠬᠢᠶᠠᠯᠠᠭ᠎ᠠ ᠶᠢᠨ ᠲᠠᠩᠰᠠ ᠶᠢᠨ ᠲᠠᠷᠢᠶᠠᠯᠠᠩ ᠢ ᠬᠦᠭᠵᠢᠬᠦᠯᠬᠦ ᠶᠢᠨ ᠬᠠᠮᠳᠤ ᠲᠤᠬᠠᠢ ᠶᠢᠨ ᠭᠠᠵᠠᠷ ᠤᠨ ᠤᠷᠴᠢᠨ ᠲᠤᠭᠤᠷᠢᠨ ᠳᠤ ᠲᠤᠬᠢᠷᠠᠭᠰᠠᠨ ᠰᠢᠯᠢᠳᠡᠭ ᠲᠤᠳᠤᠷᠭ᠎ᠠ ᠶᠢᠨ ᠴᠢᠬᠢ ᠶᠢ ᠲᠠᠷᠢᠶᠠᠴᠢᠨ ᠡᠷᠤᠬᠡ ᠳᠤ ᠬᠤᠪᠢᠶᠠᠨ ᠦᠭᠴᠤ᠂ ᠲᠠᠷᠢᠶᠠᠯᠠᠬᠤ ᠪᠦᠬᠦ ᠶᠠᠪᠤᠴᠠ ᠳᠤ ᠮᠡᠷᠭᠡᠵᠢᠯ ᠤᠨ ᠵᠢᠯᠤᠭᠤᠳᠤᠯᠭ᠎ᠠ ᠬᠢᠬᠦ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ᠂ ᠲᠠᠷᠢᠬᠤ᠂ ᠬᠠᠮᠢᠶᠠᠷᠬᠤ ᠪᠠ ᠬᠠᠳᠤᠵᠤ ᠬᠤᠷᠢᠶᠠᠬᠤ ︿ᠲᠠᠪᠤ ᠶᠢ ᠨᠢᠭᠡ ᠴᠤᠭᠴᠠᠵᠢᠭᠤᠯᠤᠭᠰᠠᠨ﹀ ᠦᠢᠯᠡᠴᠢᠯᠡᠭᠡ ᠬᠠᠩᠭᠠᠵᠤ ᠪᠤᠢ︾ ᠭᠡᠵᠤ ᠤᠯᠠᠭᠠᠨᠬᠤᠳᠠ ᠶᠢᠨ ᠮᠢᠩ ᠡᠣ ᠤᠰᠤᠨ ᠲᠤᠳᠤᠷᠭ᠎ᠠ ᠲᠠᠷᠢᠵᠤ ᠤᠷᠭᠤᠭᠤᠯᠬᠤ ᠬᠤᠷᠰᠢᠶ᠎ᠠ ᠶᠢᠨ ᠲᠠᠭᠠᠭᠠᠮᠠᠯ ᠽᠤᠩ ᠴᠢᠩ ᠴᠦᠨ ᠶᠠᠷᠢᠨ᠎ᠠ᠃        ᠤᠳᠤᠬᠠᠨ ᠪᠤᠯᠳᠠᠯ᠎ᠠ᠂ ᠤᠯᠠᠭᠠᠨᠬᠤᠳᠠ ᠳᠤᠰᠬᠠᠢ ᠬᠤᠷᠰᠢᠶ᠎ᠠ ᠪᠠᠷ ᠳᠠᠮᠵᠢᠭᠤᠯᠵᠤ 2000 ᠭᠠᠷᠤᠢ ᠲᠠᠷᠢᠶᠠᠴᠢᠨ ᠡᠷᠤᠬᠡ ᠶᠢᠨ ᠬᠦᠴᠢᠷ ᠠᠰᠠᠭᠤᠳᠠᠯ ᠢ ᠪᠦᠳᠤᠮᠵᠢᠳᠠᠢ ᠰᠶᠢᠳᠪᠤᠷᠢᠯᠡᠨ ᠦᠭᠴᠤ᠂ 2 ᠲᠦᠮᠡ ᠭᠠᠷᠤᠢ ᠮᠤ᠋ ᠶᠢᠨ ᠵᠠᠬᠢᠶᠠᠯᠠᠭ᠎ᠠ ᠶᠢᠨ ᠲᠠᠩᠰᠠ ᠳᠤᠭᠳᠠᠪᠠ᠃ ᠭᠡᠷ᠎ᠠ ᠲᠤᠭᠳᠠᠭᠰᠠᠨ ᠲᠠᠷᠢᠶᠠᠴᠢᠨ ᠡᠷᠤᠬᠡ ᠶᠢᠨ ᠤᠰᠤᠨ ᠲᠤᠳᠤᠷᠭ᠎ᠠ ᠶᠢ ᠵᠠᠬ᠎ᠠ ᠲᠡᠯᠭᠡᠬᠦᠷ ᠤᠨ ᠲᠡᠭᠰᠢᠳᠭᠡᠭᠰᠡᠨ ᠦᠨ᠎ᠠ ᠠᠴᠠ ᠦᠨᠳᠤᠷ ᠢᠶᠠᠷ ᠨᠢᠭᠡᠳᠤᠯᠳᠠᠢ ᠬᠤᠷᠢᠶᠠᠵᠤ᠂ ᠮᠤ᠋ ᠪᠦᠷᠢ ᠬᠠᠮᠤᠭ ᠪᠠᠭ᠎ᠠ ᠳᠠᠭᠠᠨ 100 ᠲᠦᠬᠦᠷᠢᠭ ᠤᠨ ᠤᠷᠤᠯᠭ᠎ᠠ ᠨᠡᠮᠡᠭᠳᠡᠭᠦᠯᠦᠭᠰᠡᠨ ᠪᠠᠶᠢᠨ᠎ᠠ᠃        ᠠᠮᠤ ᠪᠤᠳᠠᠭ᠎ᠠ ᠬᠠᠳᠠᠭᠠᠯᠠᠬᠤ ᠭᠤᠭᠴᠤᠭ᠎ᠠ ᠪᠤᠯ ᠲᠠᠷᠢᠶᠠᠴᠢᠨ ᠡᠷᠤᠬᠡ ᠶᠢᠨ ᠨᠢᠭᠡ ᠵᠢᠯ ᠤᠨ ᠰᠢᠷᠭᠠᠭᠤ ᠬᠠᠳᠠᠭᠤᠵᠢᠯᠳᠠᠢ ᠠᠵᠢᠯᠯᠠᠭᠰᠠᠨ ᠦᠷ᠎ᠠ ᠪᠦᠳᠤᠮᠵᠢ ᠲᠠᠢ ᠬᠤᠯᠪᠤᠭᠳᠠᠨ᠎ᠠ᠃ 2024 ᠤᠨ ᠳᠤ᠂ ᠤᠯᠠᠭᠠᠨᠬᠤᠳᠠ ᠲᠤᠰᠬᠠᠢ ᠬᠤᠷᠰᠢᠶ᠎ᠠ ᠳᠤ ᠲᠦᠰᠢᠭᠯᠡᠨ ᠤᠷᠤᠯᠠᠨ ᠴᠡᠪᠡᠷᠯᠡᠬᠦ᠂ ᠤᠷᠤᠯᠠᠨ ᠬᠢᠨᠠᠨ ᠰᠢᠯᠭᠠᠬᠤ᠂ ᠤᠷᠤᠯᠠᠨ ᠬᠠᠳᠠᠭᠠᠬᠤ᠂ ᠤᠷᠤᠯᠠᠨ ᠬᠠᠳᠠᠭᠠᠯᠠᠬᠤ᠂ ᠤᠷᠤᠯᠠᠨ ᠪᠤᠷᠤᠯᠠᠭᠤᠯᠬᠤ ᠠᠮᠤ ᠪᠤᠳᠠᠭᠠᠨ ᠤ ᠬᠠᠳᠠᠭᠠᠯᠠᠯᠳᠠ ᠶᠢᠨ ︽ᠲᠠᠪᠤᠨ ᠤᠷᠤᠯᠬᠠᠤ︾ ᠦᠢᠯᠡᠴᠢᠯᠡᠭᠡ ᠬᠠᠩᠭᠠᠪᠠ᠃        ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠤᠨ ᠰᠢᠶᠠᠩ ᠶᠠᠩ ᠲᠤᠰᠬᠤᠨ ᠤ ᠬᠦᠰᠡᠯ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ ᠮᠠᠰᠢᠨ ᠮᠧᠬᠠᠨᠢᠭ ᠬᠦᠷᠴᠢᠬᠢᠨᠠᠨ᠂ ᠠᠵᠢᠯᠴᠢᠳ ᠶᠠᠭᠠᠷᠠᠯᠳᠠᠢ ᠠᠵᠢᠯᠵᠠᠭᠠᠨ᠎ᠠ᠃ ᠲᠠᠷᠢᠮᠠᠯ ᠤᠨ ᠡᠷᠤᠬᠡ ᠰᠦᠨ ᠬᠠᠢ ᠲᠤᠤ᠄ ︽ᠡᠮᠤᠨ᠎ᠠ ᠳᠡᠭᠡᠨ ᠠᠮᠥ ᠪᠤᠳᠠᠭ᠎ᠠ ᠬᠤᠷᠢᠶᠠᠬᠤ ᠳᠤ ᠴᠢᠬᠢᠭᠳᠦᠨ ᠸᠠᠯᠠᠵᠤ ᠰᠦᠢᠳᠤᠯ ᠳᠤ ᠤᠴᠠᠷᠠᠬᠤ ᠠᠴᠠ ᠠᠶᠤᠨ᠎ᠠ᠃ ᠤᠳᠤᠬᠠᠨ ᠳᠤ ᠬᠠᠮᠤᠭ ᠪᠠᠭ᠎ᠠ ᠰᠦᠢᠳᠭᠡᠯ ᠭᠠᠷᠭᠠᠵᠤ ︿ᠤᠷᠤᠯᠠᠨ ᠬᠠᠳᠠᠭᠠᠬᠤ﹀ ᠦᠢᠯᠡᠴᠢᠯᠡᠭᠡ ᠶᠢ ᠬᠦᠷᠳᠡᠨ᠂ ᠵᠢᠩ ᠪᠦᠷᠢ ᠶᠢ ᠢᠯᠡᠬᠦᠥ 0.1 ᠲᠦᠬᠦᠷᠢᠭ ᠢᠶᠠᠷ ᠬᠤᠳᠠᠯᠳᠤᠵᠤ ᠪᠤᠢ︾ ᠭᠡᠵᠤ ᠪᠠᠶᠠᠷᠳᠠᠢ ᠶᠠᠷᠢᠵᠤ ᠪᠠᠶᠢᠯ᠎ᠠ᠃ ᠲᠡᠳᠡᠨᠡᠶᠢᠬᠢᠨ ᠡ᠊ᠨᠠ ᠵᠢᠯ 80 ᠮᠤ᠋ ᠲᠠᠷᠢᠶ᠎ᠠ ᠲᠠᠷᠢᠵᠤ᠂ ᠠᠮᠥ ᠪᠤᠳᠠᠭ᠎ᠠ ᠬᠠᠳᠠᠭᠠᠬᠤ ᠡᠨᠡᠬᠦ ᠲᠦᠷᠤᠯ ᠤᠨ ᠦᠢᠯᠡᠴᠢᠯᠡᠭᠡ ᠠᠴᠠ ᠢᠯᠡᠭᠦᠦ 1 ᠲᠦᠮᠠ ᠰᠢᠬᠠᠮ ᠤᠷᠤᠯᠭ᠎ᠠ ᠤᠯᠵᠤ ᠴᠢᠳᠠᠬᠤ ᠪᠤᠯᠤᠬᠰᠠᠨ ᠪᠠᠶᠢᠨ᠎ᠠ᠃        ︽ᠲᠠᠪᠤᠨ ᠤᠷᠤᠯᠠᠬᠤ︾ ᠦᠢᠯᠡᠴᠢᠯᠡᠭᠡ ᠨᠢ ᠲᠠᠷᠢᠶᠠᠴᠢᠨ ᠡᠷᠤᠬᠡ ᠶᠢᠨ ᠠᠮᠤ ᠪᠤᠳᠠᠭ᠎ᠠ ᠬᠤᠷᠢᠶᠠᠨ ᠬᠠᠳᠠᠭᠠᠯᠠᠬᠤ ᠠᠰᠠᠭᠤᠳᠠᠯ ᠢ ᠰᠶᠢᠳᠪᠤᠷᠢᠯᠡᠭᠰᠡᠨ ᠢᠶᠠᠷ ᠪᠠᠷᠠᠬᠤ ᠦᠭᠡᠢ ᠠᠮᠤ ᠪᠤᠳᠠᠭᠠᠨ ᠤ ᠰᠦᠢᠳᠤᠯ ᠢ ᠪᠠᠭᠠᠰᠬᠠᠵᠤ᠂ ᠠᠮᠤ ᠪᠤᠳᠠᠭᠠᠨ ᠤ ᠨᠡᠮᠡᠯᠳᠠ ᠦᠷᠳᠡᠭ ᠢ ᠮᠡᠳᠡᠭᠳᠡᠮ᠎ᠠ ᠲᠡᠭᠡᠭᠰᠢᠯᠡᠬᠦᠯᠵᠠᠢ᠃ 2024 ᠤᠨ ᠳᠤ᠂ ᠡᠨᠡᠬᠦ ᠦᠢᠯᠡᠴᠢᠯᠡᠭᠡ ᠨᠢ ᠤᠯᠠᠭᠠᠨᠬᠤᠳᠠ ᠶᠢᠨ 500 ᠭᠠᠷᠤᠢ ᠲᠠᠷᠢᠶᠠᠴᠢᠨ ᠡᠷᠤᠬᠡ ᠶᠢ ᠬᠠᠮᠤᠷᠴᠤ᠂ 1.3 ᠲᠦᠮᠡᠨ ᠮᠤ᠋ ᠲᠠᠷᠢᠶᠠᠨ ᠭᠠᠵᠠᠷ ᠲᠤ ᠠᠰᠢᠭ ᠬᠦᠷᠳᠡᠭᠡᠨ᠂ ᠡᠷᠤᠬᠡ ᠲᠤᠮᠳᠠᠴᠢ ᠮᠤ᠋ ᠪᠦᠷᠢ ᠠᠴᠠ 2 ᠲᠦᠮᠡᠨ ᠲᠦᠬᠦᠷᠢᠭ ᠤᠯᠵᠤ᠂ ᠨᠢᠭᠡᠨᠳᠠ ᠤᠯᠠᠭᠠᠨᠬᠤᠳᠠ ᠶᠢᠨ ᠠᠮᠥ ᠪᠤᠳᠠᠭᠠᠨ ᠤ ᠠᠮᠤᠷ ᠲᠦᠪᠰᠢᠨ ᠢ ᠪᠠᠳᠤᠯᠠᠵᠤ᠂ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠴᠢᠬᠤᠯᠠ ᠠᠷᠭ᠎ᠠ ᠵᠠᠮ ᠪᠤᠯᠪᠠ᠃        ᠤᠨᠴᠠᠯᠢᠭᠳᠤ ᠲᠠᠵᠢᠭᠡᠨ ᠦᠷᠡᠵᠢᠬᠦᠯᠬᠦ ᠠᠵᠤ ᠦᠢᠯᠡᠰ ᠨᠢ ᠳᠤᠰᠬᠠᠢ ᠬᠤᠷᠰᠢᠶ᠎ᠠ ᠶᠢᠨ ᠲᠠᠶᠢᠴᠢᠯᠠᠨ ᠲᠠᠭᠠᠭᠤᠯᠭ᠎ᠠ ᠲᠤᠤᠷ᠎ᠠ ᠠᠮᠢᠵᠢᠷᠠᠯ ᠤᠨ ᠬᠦᠴᠤᠨ ᠢᠶᠠᠷ ᠪᠢᠯᠬᠠᠨ᠎ᠠ᠃ ᠤᠯᠠᠭᠠᠨᠬᠤᠳᠠ ᠶᠢᠨ ᠮᠧᠩ ᠴᠢᠣᠸᠠᠢ ᠲᠤᠭᠤᠰ ᠲᠡᠵᠢᠭᠡᠨ ᠦᠷᠡᠵᠢᠬᠦᠯᠬᠦ ᠲᠤᠰᠬᠠᠢ ᠬᠤᠷᠰᠢᠶ᠎ᠠ ᠶᠢᠨ ᠪᠤᠯᠪᠠᠰᠤᠷᠠᠯ ᠤᠨ ᠭᠡᠷ ᠲᠤ᠂ ᠲᠤᠭᠤᠰ ᠤᠨ ᠦᠳᠤ ᠶᠢᠨ ᠭᠠᠷ ᠤᠷᠠᠯᠠᠯ ᠤᠨ ᠪᠦᠳᠤᠭᠡᠭᠳᠡᠬᠦᠨ ᠵᠤᠬᠢᠶ᠋ᠬᠠᠤ ᠪᠤᠯᠪᠠᠰᠤᠷᠠᠯ ᠢ ᠢᠳᠡ ᠬᠦᠭ ᠲᠠᠢ ᠦᠷᠨᠢᠬᠦᠯᠵᠤ ᠪᠠᠶᠢᠯ᠎ᠠ᠃ ᠮᠧᠩ ᠴᠢᠣᠸᠠᠢ ᠲᠡᠵᠢᠭᠡᠨ ᠦᠷᠡᠵᠢᠬᠦᠯᠬᠦ ᠲᠤᠰᠬᠠᠢ ᠬᠤᠷᠰᠢᠶ᠎ᠠ ᠶᠢᠨ ᠡᠬᠦᠰᠬᠡᠨ ᠪᠠᠶᠢᠭᠤᠯᠤᠭᠴᠢ ᠵᠸᠥ ᠬᠠᠢ ᠶᠠᠨ ᠤᠯᠠᠨ ᠳᠤ ᠲᠤᠭᠤᠰ ᠤᠨ ᠦᠳᠤ ᠪᠠᠷ ᠬᠡᠷᠬᠢᠨ ᠭᠤᠶᠢᠳᠠ ᠰᠠᠶᠢᠬᠠᠨ ᠪᠦᠳᠤᠭᠡᠯ ᠵᠤᠬᠢᠶᠠᠬᠤ ᠶᠢ ᠵᠢᠭᠠᠵᠤ ᠪᠠᠶᠢᠯ᠎ᠠ᠃ ︽ᠤᠤᠯ ᠳᠠᠭᠠᠨ ᠪᠢ ᠶᠠᠮᠠᠷᠴᠤ ᠮᠡᠷᠭᠡᠵᠢᠯ ᠦᠭᠡᠢ᠂ ᠠᠮᠢᠳᠤᠷᠠᠯ ᠴᠤ ᠴᠢᠨᠡᠭᠡᠯᠢᠭ ᠪᠢᠰᠢ᠃ ᠪᠤᠯᠪᠠᠰᠤᠷᠠᠯ ᠳᠤ ᠤᠷᠤᠯᠴᠠᠭᠰᠠᠨ ᠤ ᠲᠠᠷᠠᠭ᠎ᠠ ᠭᠡᠷ ᠲᠡᠭᠡᠨ ᠰᠠᠭᠤᠵᠤ ᠪᠠᠶᠢᠭᠠᠳ ᠤᠷᠤᠯᠭ᠎ᠠ ᠤᠯᠵᠤ ᠴᠢᠳᠠᠯ᠎ᠠ︾ ᠭᠡᠵᠤ ᠪᠤᠯᠪᠠᠰᠤᠷᠠᠯ ᠳᠤ ᠤᠷᠤᠯᠴᠠᠭᠰᠠᠨ ᠲᠤᠰᠬᠤᠨ ᠤ ᠠᠷᠠᠳ ᠶᠠᠷᠢᠨ᠎ᠠ᠃ ᠤᠳᠤᠬᠠᠨ ᠪᠤᠯᠳᠠᠯ᠎ᠠ᠂ ᠲᠤᠭᠤᠰ ᠤᠨ ᠦᠳᠤ ᠶᠢᠨ ᠭᠠᠷ ᠤᠷᠠᠯᠠᠯ ᠤᠨ ᠪᠦᠲᠦᠭᠡᠭᠳᠡᠭᠦᠨ ᠵᠤᠬᠢᠶᠠᠨ ᠦᠢᠯᠡᠳᠬᠦ ᠪᠤᠯᠪᠠᠰᠤᠷᠠᠯ ᠳᠤ ᠨᠢᠭᠡᠨᠳᠠ 3400 ᠬᠦᠮᠤᠨ ᠤᠷᠤᠯᠴᠠᠵᠤ᠂ ᠡᠬᠦᠨ ᠳᠤ᠂ 700 ᠵᠡᠮᠳᠡᠭᠴᠤᠳ ᠢ ᠬᠠᠮᠤᠷᠴᠤ᠂ ᠪᠦᠬᠦ ᠠᠶᠢᠮᠠᠭ ᠤᠨ 3 ᠬᠤᠰᠢᠭᠤ ᠬᠤᠳᠠ᠂ 27 ᠭᠠᠴᠠᠭ᠎ᠠ ᠲᠤᠰᠬᠤᠨ ᠪᠠ ᠨᠡᠶᠢᠭᠡᠮ ᠲᠤᠭᠤᠷᠢᠭ ᠢ ᠬᠠᠮᠤᠷᠴᠠᠢ᠃ ᠪᠤᠯᠪᠠᠰᠤᠷᠠᠯ ᠳᠤ ᠤᠷᠤᠯᠴᠠᠭᠰᠠᠨ ᠤ ᠲᠠᠷᠠᠭ᠎ᠠ᠂ 590 ᠬᠦᠮᠦᠨ ᠮᠧᠩ ᠴᠢᠣᠸᠠᠢ ᠤᠷᠠᠨ ᠲᠠᠷᠬᠠᠨ ᠤ ᠮᠡᠷᠭᠡᠵᠢᠯ ᠤᠨ ᠦᠨᠡᠮᠯᠡᠯ ᠤᠯᠵᠤ᠂ 200 ᠭᠠᠷᠤᠢ ᠬᠦᠮᠤᠨ ᠮᠧᠩ ᠴᠢᠣᠸᠠᠢ ᠬᠤᠷᠰᠢᠶ᠎ᠠ ᠶᠢᠨ ᠭᠡᠷ ᠪᠦᠯᠢ ᠶᠢᠨ ᠠᠵᠢᠯ ᠤᠨ ᠦᠷᠤᠭᠡ ᠪᠠᠶᠢᠭᠤᠯᠤᠨ᠂ ᠲᠤᠭᠤᠰ ᠤᠨ ᠦᠳᠤ ᠶᠢᠨ ᠵᠠᠰᠠᠯ ᠵᠢᠮᠰᠡᠭ ᠢ ᠤᠷᠤᠯᠠᠨ ᠪᠤᠯᠪᠠᠰᠤᠷᠠᠭᠤᠯᠬᠤ ᠶᠢ ᠲᠠᠭᠠᠭᠠᠴᠢᠯᠠᠵᠤ ᠪᠠᠶᠢᠨ᠎ᠠ᠃ ᠡᠬᠦᠨ ᠤ ᠬᠠᠮᠳᠤ᠂ ᠬᠤᠷᠰᠢᠶ᠎ᠠ ᠠᠴᠠ ᠰᠦᠢᠳᠭᠡᠯ ᠬᠤᠷᠢᠶᠠᠬᠤ ᠦᠭᠡᠢ ᠪᠠᠷ ᠮᠠᠲ᠋ᠧᠷᠢᠶᠠᠯ ᠬᠠᠩᠭᠠᠨ᠂ ᠪᠦᠳᠤᠭᠡᠭᠳᠡᠬᠦᠨ ᠢ ᠬᠤᠷᠢᠶᠠᠨ ᠬᠤᠳᠠᠯᠳᠤᠨ ᠠᠪᠬᠤ ᠶᠢᠨ ᠲᠠᠭᠠᠥ ᠨᠢᠭᠡᠳᠤᠯᠳᠠᠢ ᠪᠤᠷᠤᠯᠠᠭᠤᠯᠬᠤ ᠭᠡᠷ᠎ᠠ ᠲᠤᠭᠳᠠᠵᠠᠢ᠃        ᠮᠧᠩ ᠴᠢᠣᠸᠠᠢ ᠲᠡᠵᠢᠭᠡᠨ ᠦᠷᠡᠵᠢᠬᠦᠯᠬᠦ ᠲᠤᠰᠬᠠᠢ ᠬᠤᠷᠰᠢᠶ᠎ᠠ ᠲᠦᠷᠭᠡᠨ ᠢᠶᠠᠷ ᠬᠦᠭᠵᠢᠵᠤ᠂ ᠰᠠᠷ᠎ᠠ ᠳᠤ 30 ᠲᠦᠮᠡᠨ ᠲᠦᠬᠦᠷᠢᠭ ᠤᠯᠵᠤ᠂ ᠵᠢᠯ ᠤᠨ ᠠᠰᠢᠭ ᠬᠤᠨᠵᠢᠪᠤᠷᠢ 70 ᠲᠦᠮᠡᠨ ᠲᠦᠬᠦᠷᠢᠭ ᠢ ᠪᠡᠶᠡᠯᠡᠬᠦᠯᠤᠨ᠂ ᠲᠤᠰᠬᠤᠨ ᠤ ᠤᠯᠠᠠ ᠲᠦᠮᠡᠨ ᠤ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠦᠷᠭᠡᠳᠭᠡᠭᠰᠡᠨ ᠪᠠᠶᠢᠨ᠎ᠠ᠃ · ᠴᠤᠯᠮᠤᠨ ᠵᠢᠶᠠᠩ ᠷᠠᠨ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号