| | 3 ᠰᠠᠷ᠎ᠠ ᠶᠢᠨ 5 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠠᠷᠪᠠ ᠶᠢᠰᠦᠳᠦᠭᠡᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ | ᠬᠤᠷᠠᠯᠳᠤᠭᠤᠯᠪᠠ᠃ | ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠭᠧᠩ ᠴᠧᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠦ᠋ ᠪᠦᠦ ᠱᠠᠨ᠂ ᠭᠦᠸᠧ ᠵᠢᠶᠠ ᠴᠧᠩ᠂ ᠸᠠᠩ ᠶᠦᠨ ᠯᠢᠩ ᠬᠤᠷᠠᠯ ᠳᠤ | ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠶ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ | ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ︽ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︾᠂ ︽ᠬᠢᠩᠭᠠᠨ | ᠠᠶᠢᠮᠠᠭ ᠤᠨ ᠨᠠᠮ ᠤᠨ ᠬᠤᠷᠢᠶᠠᠨ ︵ᠥᠷᠭᠡᠳᠬᠡᠭᠰᠡᠨ︶ ᠤ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ︾ ᠵᠢᠴᠢ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠤᠯᠤᠰ ᠲᠥᠷᠥ ᠶᠢᠨ ᠵᠥᠪᠯᠡᠯᠭᠡᠨ ᠤ | ᠤᠯᠠᠭᠠᠨᠬᠤᠲᠠ ᠶᠢᠨ ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ ︵ᠲᠥᠰᠦᠯ︶︾᠂ ︽ᠤᠯᠤᠰ | ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠬᠤᠷᠢᠶᠠᠨ ᠤ 2025 ᠣᠨ ᠤ ᠵᠥᠪᠳᠡᠯᠴᠡᠬᠦ ᠪᠠ ᠠᠷᠠᠳᠴᠢᠯᠠᠯ ᠢᠶᠠᠷ | ᠬᠢᠨᠠᠯᠲᠠ ᠲᠠᠯᠪᠢᠬᠤ ᠲᠥᠯᠥᠪᠯᠡᠭᠡ ︵ᠲᠥᠰᠦᠯ︶︾᠂ ︽ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ | ᠬᠤᠷᠢᠶᠠᠨ ᠤ 2025 ᠣᠨ ᠤ ᠰᠤᠷᠤᠯᠴᠠᠯᠭ᠎ᠠ ᠪᠣᠯᠪᠠᠰᠤᠷᠠᠯ ᠤᠨ ᠲᠥᠯᠥᠪᠯᠡᠭᠡ ︵ᠲᠥᠰᠦᠯ︶︾ ᠵᠡᠷᠭᠡ ᠲᠥᠰᠦᠯ | ᠵᠢᠴᠢ ᠭᠡᠰᠢᠭᠦᠳ ᠲᠤ ᠲᠣᠬᠢᠷᠠᠭᠤᠯᠤᠯᠲᠠ ᠬᠢᠬᠦ ᠶᠠᠪᠤᠳᠠᠯ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ | ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ | ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ | ᠦᠨᠡᠨ ᠬᠦ ᠨᠢᠭᠡᠳᠬᠡᠵᠦ᠂ ᠬᠤᠷᠠᠯ ᠤᠨ ᠵᠣᠷᠢᠭ ᠰᠠᠨᠠᠭᠠᠨ ᠤ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ | ᠵᠥᠪᠯᠡᠯᠭᠡᠨ ᠤ ᠠᠵᠢᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠲᠡᠭᠦᠨ ᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ | ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ | ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ ᠶᠢᠨ | ᠲᠣᠭᠤᠷᠢᠨ ᠳᠤ᠂ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠣᠨ ᠤ ᠵᠥᠪᠯᠡᠬᠦ ᠲᠥᠯᠥᠪᠯᠡᠭᠡ ᠶᠢ ᠨᠠᠷᠢᠨ | ᠬᠢᠨᠠᠮᠠᠭᠠᠢ ᠬᠡᠷᠡᠭᠵᠢᠭᠦᠯᠵᠦ᠂ ᠲᠤᠰᠬᠠᠢ ᠰᠡᠳᠦᠪ ᠢᠶᠠᠷ ᠵᠥᠪᠯᠡᠬᠦ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ᠂ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ | ᠲᠣᠭᠲᠠᠭᠠᠬᠤ᠂ ᠪᠦᠲᠦᠮᠵᠢᠲᠡᠢ ᠠᠷᠭ᠎ᠠ ᠪᠤᠳᠤᠯᠭ᠎ᠠ ᠬᠡᠷᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠨᠠᠮ ᠤᠨ | ᠤᠯᠠᠨ ᠲᠦᠮᠡᠨᠴᠢ ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠵᠦᠢᠯ ᠤᠨ ᠬᠡᠯᠪᠡᠷᠢ ᠶᠢᠨ ᠭᠡᠰᠢᠭᠦᠳ ᠤᠨ | ᠠᠵᠢᠯᠯᠠᠭ᠎ᠠ ᠶᠢ ᠥᠷᠨᠢᠭᠦᠯᠵᠦ᠂ ᠭᠡᠰᠢᠭᠦᠳ ᠤᠨ ᠡᠲᠡᠭᠡᠳ ᠤᠨ ᠢᠯᠭᠠᠯ ᠤᠨ ᠤᠯᠠᠨ ᠲᠦᠮᠡᠨ ᠤ ᠠᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠪᠠᠶᠢᠳᠠᠯ ᠠᠷᠠᠳ ᠤᠨ | ᠰᠠᠨᠠᠭᠠᠨ ᠤ ᠮᠡᠳᠡᠭᠡ ᠵᠠᠩᠭᠢ ᠶᠢᠨ ︽ᠰᠢᠭᠤᠳ ᠨᠡᠪᠲᠡᠷᠡᠬᠦ ᠲᠡᠷᠭᠡ︾ ᠶᠢᠨ ᠦᠢᠯᠡᠳᠦᠯ ᠢ ᠪᠠᠳᠠᠷᠠᠭᠤᠯᠵᠤ᠂ ᠮᠡᠳᠡᠭᠡ | ᠵᠠᠩᠭᠢ ᠶᠢᠨ ᠢᠷᠡᠯᠲᠡ ᠶᠢᠨ ᠠᠷᠭ᠎ᠠ ᠵᠠᠮ ᠢ ᠥᠷᠭᠡᠳᠬᠡᠵᠦ᠂ ᠠᠭᠤᠯᠭ᠎ᠠ ᠶᠢ ᠬᠢᠨᠠᠨ ᠬᠠᠷᠭᠤᠭᠤᠯᠬᠤ ᠪᠣᠭᠤᠮᠲᠠ ᠶᠢ | ᠴᠢᠩᠭ᠎ᠠ ᠠᠳᠬᠤᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢᠨ ᠶᠡᠷᠦᠩᠬᠡᠢ ᠴᠢᠨᠠᠷ | ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ | ᠢᠳᠡᠪᠬᠢᠲᠡᠢ ᠪᠠᠷ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠵᠦ᠂ ᠴᠢᠨᠠᠷ ᠰᠠᠶᠢᠲᠠᠢ ᠥᠨᠳᠥᠷ | ᠪᠦᠲᠦᠮᠵᠢᠲᠡᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | | | | |