| 3 ᠰᠠᠷ᠎ᠠ ᠶᠢᠨ 25 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠤᠯᠤᠨ ᠳᠤᠮᠳᠠᠳᠤ ᠤᠯᠤᠰ ᠤᠨ | ᠨᠠᠰᠤᠵᠢᠯ ᠡᠳ᠋ ᠬᠦᠷᠦᠩᠭᠡ ᠶᠢᠨ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠦ ᠺᠤᠮᠫᠠᠨᠢ ᠶᠢᠨ ᠦᠪᠦᠷ | ᠮᠤᠩᠭᠤᠯ ᠤᠨ ᠬᠤᠪᠢᠶᠠᠷᠢ ᠺᠤᠮᠫᠠᠨᠢ ᠶᠠᠷᠢᠯᠴᠠᠬᠤ ᠬᠤᠷᠠᠯ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ | ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠠᠯ ᠢ ᠡᠷᠭᠢᠯᠡᠪᠡ᠃ | ᠢᠤᠢ ᠵᠶᠢ ᠱᠦᠨ ᠳᠤᠮᠳᠠᠳᠤ ᠤᠯᠤᠰ ᠤᠨ ᠨᠠᠰᠤᠵᠢᠯ ᠡᠳ᠋ ᠬᠦᠷᠦᠩᠭᠡ ᠶᠢᠨ ᠲᠠᠭᠠᠳᠬᠠᠯ ᠤᠨ ᠬᠤᠪᠢ | ᠤᠷᠤᠭᠤᠯᠤᠭᠰᠠᠨ ᠬᠢᠵᠠᠭᠠᠷᠳᠦ ᠺᠤᠮᠫᠠᠨᠢ ᠶᠢᠨ ᠦᠪᠦᠷ ᠮᠤᠩᠭᠤᠯ ᠤᠨ ᠬᠤᠪᠢᠶᠠᠷᠢ ᠺᠤᠮᠫᠠᠨᠢ ᠶᠢᠨ ᠴᠢᠬᠤᠯᠠ | ᠬᠠᠷᠢᠭᠤᠴᠠᠯᠭᠠᠳᠠᠨ ᠵᠦ ᠢᠦᠢ ᠵᠧᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠬᠦ ᠶᠢᠨ ᠬᠠᠮᠲᠤ ᠳᠤᠮᠳᠠᠳᠤ | ᠤᠯᠤᠰ ᠤᠨ ᠨᠠᠰᠤᠵᠢᠯ ᠡᠳ᠋ ᠬᠦᠷᠦᠩᠭᠡ ᠶᠢᠨ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠦ ᠺᠤᠮᠫᠠᠨᠢ ᠶᠢᠨ | ᠦᠪᠦᠷ ᠮᠤᠩᠭᠤᠯ ᠤᠨ ᠬᠤᠪᠢᠶᠠᠷᠢ ᠺᠤᠮᠫᠠᠨᠢ ᠶᠢᠨ ᠬᠢᠩᠭᠠᠨ ᠠᠶᠢᠮᠠᠭ ᠲᠤ ᠦᠵᠡᠬᠦᠯᠦᠭᠰᠡᠨ ᠲᠡᠮᠵᠢᠯᠭᠡ ᠪᠠ | ᠬᠠᠪᠰᠤᠷᠤᠯᠭ᠎ᠠ ᠳᠤ ᠲᠠᠯᠠᠷᠬᠠᠵᠦ ᠪᠠᠶᠢᠬᠤ ᠪᠠᠨ ᠢᠯᠡᠳᠭᠡᠪᠡ᠃ ᠲᠡᠷᠡ ᠢᠯᠡᠷᠭᠡᠶᠢᠯᠡᠭᠰᠡᠨ ᠨᠢ᠂ ᠤᠢᠢᠷ᠎ᠠ ᠶᠢᠨ ᠵᠢᠯ ᠠᠴᠠ | ᠨᠠᠭᠠᠰᠢ᠂ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ | ᠬᠦᠷᠢᠶ᠎ᠡ ᠶᠢᠨ ᠲᠣᠭᠤᠷᠢᠨ ᠳᠤ ᠪᠣᠳᠠᠲᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠬᠢᠪᠡ᠃ ᠬᠤᠶᠠᠷ ᠲᠠᠯ᠎ᠠ ᠪᠠᠷ ᠢᠶᠠᠨ | ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠨ ᠴᠢᠨᠠᠭᠰᠢᠳᠠ ᠪᠠᠬᠢᠵᠢᠭᠦᠯᠵᠦ᠂ ᠬᠠᠮᠲᠤᠷᠠᠯᠴᠠᠭ᠎ᠠ ᠪᠠᠨ ᠵᠣᠯᠭᠠᠭᠤᠯᠬᠤ ᠪᠠᠨ | ᠦᠷᠬᠦᠯᠵᠢᠯᠡᠨ ᠴᠢᠩᠭᠠᠳᠬᠠᠵᠦ ᠬᠦᠳᠡᠭᠡ ᠠᠵᠦ ᠠᠬᠤᠢ ᠶᠢᠨ ᠬᠦᠭᠵᠢᠯᠳᠡ᠂ ᠡᠮ ᠡᠮᠨᠡᠯᠭᠡ ᠶᠢᠨ ᠲᠠᠭᠠᠳᠬᠠᠯ ᠵᠡᠷᠭᠡ | ᠬᠦᠷᠢᠶᠡᠨ ᠤ ᠬᠠᠮᠳᠤᠷᠠᠯᠴᠠᠭᠠᠨ ᠤ ᠰᠢᠨ᠎ᠡ ᠠᠷᠭ᠎ᠠ ᠵᠠᠮ ᠢ ᠬᠠᠮᠳᠤᠪᠡᠷ ᠰᠦᠪᠡᠭᠴᠢᠯᠡᠵᠦ᠂ ᠬᠠᠮᠲᠤᠷᠠᠯᠴᠠᠭ᠎ᠠ ᠬᠢᠵᠦ | ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠶᠢ ᠬᠦᠰᠡᠵᠦ ᠪᠠᠶᠢᠨ᠎ᠠ ᠭᠡᠪᠡ᠃ | ᠵᠦ ᠢᠦᠶ ᠵᠧᠨ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠨᠠᠰᠤᠵᠢᠯ ᠡᠳ᠋ ᠬᠦᠷᠦᠩᠭᠡ ᠶᠢᠨ | ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠦ ᠺᠤᠮᠫᠠᠨᠢ ᠶᠢᠨ ᠦᠪᠦᠷ ᠮᠤᠩᠭᠤᠯ ᠤᠨ ᠬᠤᠪᠢᠶᠠᠷᠢ ᠺᠤᠮᠫᠠᠨᠢ | ᠳᠠᠭᠠᠳᠬᠠᠯ ᠤᠨ ᠦᠢᠯᠡᠰ ᠤᠨ ᠠᠵᠤ ᠠᠬᠤᠶ ᠶᠢᠨ ︽ᠳᠣᠷᠭᠢᠯᠲᠠ ᠶᠢ ᠨᠠᠮᠳᠠᠭᠤᠯᠤᠭᠴᠢ︾ ᠪᠠ ᠨᠡᠶᠢᠭᠡᠮ ᠤᠨ ︽ | ᠲᠤᠭᠳᠠᠪᠤᠷᠢᠵᠢᠭᠤᠯᠤᠭᠴᠢ︾ ᠶᠢᠨ ᠴᠢᠳᠠᠮᠵᠢ ᠶᠢ ᠤᠯᠠᠮ ᠨᠢᠭᠡ ᠠᠯᠬᠤᠮ ᠪᠠᠳᠠᠷᠠᠭᠤᠯᠵᠦ᠂ ᠬᠤᠶᠠᠷ ᠲᠠᠯ᠎ᠠ ᠶᠢᠨ | ᠤᠤᠯ ᠤᠨ ᠰᠠᠶᠢᠨ ᠰᠠᠶᠢᠬᠠᠨ ᠬᠠᠮᠳᠤᠷᠠᠯᠴᠠᠭᠠᠨ ᠤ ᠰᠠᠭᠤᠷᠢᠨ ᠲᠡᠭᠡᠷ᠎ᠠ ᠨᠡᠩ ᠤᠯᠠᠨ ᠬᠠᠮᠳᠤᠷᠠᠯᠴᠠᠭᠠᠨ ᠤ ᠬᠦᠴᠦᠯᠡᠬᠦ | ᠴᠡᠭ ᠢ ᠡᠷᠢᠨ ᠤᠯᠵᠦ᠂ ᠬᠢᠩᠭᠠᠨ ᠠᠶᠢᠮᠠᠭ ᠤᠨ ᠠᠵᠦ ᠠᠬᠤᠢ ᠨᠡᠶᠢᠭᠡᠮ ᠤᠨ ᠬᠦᠭᠵᠢᠯᠳᠡ ᠳᠤ ᠴᠢᠨᠠᠷ ᠰᠠᠶᠢᠳᠠᠢ | ᠮᠦᠩᠬᠦᠨ ᠬᠦᠢᠯᠭᠡᠭᠡᠨ ᠤ ᠦᠢᠯᠡᠴᠢᠯᠡᠭᠡ ᠬᠠᠩᠭᠠᠨ᠎ᠠ ᠭᠡᠵᠡᠢ᠃ | ᠠᠶᠢᠮᠠᠭ ᠤᠨ ᠤᠳᠤᠷᠢᠳᠤᠯᠭ᠎ᠠ ᠾᠧ ᠸᠧᠢ ᠯᠢ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ ︵ᠵᠠᠩ ᠴᠢᠶᠠᠩ︶ | | | | |