ᠬᠢᠩᠭᠠᠨ ᠠᠶᠢᠮᠠᠭ ᠤᠨ 2025 ᠤᠨ ᠤ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠤᠯᠢᠬᠤ ᠠᠵᠢᠯᠯᠠᠭ᠎ᠠ ᠲᠠᠬᠢᠨᠳᠠ ᠲᠡᠰ ᠲᠡᠪᠰᠢᠪᠡ
ᠨᠡᠶᠢᠲᠡᠯᠡᠭᠰᠡᠨ ᠴᠠᠭ᠄
2025/4/1
        ᠬᠡᠷᠡᠭᠯᠡᠭᠡᠨ ᠤ ᠳᠠᠯᠳᠠ ᠬᠦᠴᠦᠨ ᠢ ᠴᠢᠨᠠᠭᠰᠢᠳᠠ ᠪᠠᠳᠠᠷᠠᠭᠤᠯᠵᠤ᠂ ᠪᠣᠬᠢᠷᠲᠤᠯ ᠦᠭᠡᠢ ᠤᠶᠤᠨᠴᠢ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠶᠢᠨ ᠲᠦᠯᠦᠭᠡ᠂ ᠤᠶᠢᠷ᠎ᠠ ᠶᠢᠨ ᠡᠳᠦᠷ ᠬᠢᠩᠭᠠᠨ ᠠᠶᠢᠮᠠᠭ ᠤᠨ 2025 ᠤᠨ ᠤ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠤᠯᠢᠬᠤ ᠠᠵᠢᠯᠯᠠᠭ᠎ᠠ ᠪᠦᠬᠦ ᠲᠠᠯ᠎ᠠ ᠪᠠᠷ ᠲᠡᠰ ᠲᠡᠪᠰᠢᠵᠦ᠂ ᠤᠤᠯ ᠤᠨ ᠨᠦᠬᠦᠪᠦᠷᠢ ᠦᠭᠬᠦ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠠᠴᠠ ᠭᠠᠳᠠᠨ᠎ᠠ 6 ᠲᠦᠷᠦᠯ ᠤᠨ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠳᠤ ᠨᠦᠬᠦᠪᠦᠷᠢ ᠦᠭᠬᠦ ᠪᠤᠯᠵᠠᠢ᠃ ᠤᠳᠤᠬᠠᠨ ᠪᠤᠯᠳᠠᠯ᠎ᠠ᠂ ᠬᠢᠩᠭᠠᠨ ᠠᠶᠢᠮᠠᠭ ᠤᠨ ᠬᠠᠭᠤᠴᠢᠨ ᠢᠶᠠᠷ ᠰᠢᠨ᠎ᠡ ᠶᠢ ᠰᠤᠯᠢᠬᠤ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠳᠤ ᠬᠤᠪᠴᠠᠰᠦ ᠤᠬᠢᠶᠠᠬᠤ ᠮᠠᠰᠢᠨ᠂ ᠲᠧᠯᠸᠢᠰ᠂ ᠠᠭᠠᠷ ᠲᠤᠬᠢᠷᠠᠭᠤᠯᠤᠭᠴᠢ᠂ ᠺᠣᠮᠫᠢᠦ᠋ᠲ᠋ᠧᠷ ᠵᠡᠷᠭᠡ ᠨᠡᠶᠢᠲᠡ 18 ᠲᠥᠷᠥᠯ ᠤᠨ ᠦᠢᠯᠡᠳᠬᠦᠨ ᠢ ᠪᠠᠭᠲᠠᠨ᠎ᠠ᠃        ᠨᠥᠬᠦᠪᠥᠷᠢ ᠦᠭᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠦᠨᠳᠦᠰᠦᠯᠡᠪᠡᠯ᠂ ᠬᠤᠪᠢ ᠬᠦᠮᠦᠨ ᠤ ᠬᠡᠷᠡᠭᠯᠡᠭᠴᠢᠳ ᠡᠳᠡᠭᠡᠷ 18 ᠲᠦᠷᠦᠯ ᠤᠨ ᠭᠡᠷ ᠤᠨ ᠴᠠᠬᠢᠯᠭᠠᠨ ᠬᠡᠷᠡᠭᠰᠡᠯ ᠢ ᠬᠤᠳᠠᠯᠳᠤᠨ ᠠᠪᠤᠪᠠᠯ ᠨᠦᠬᠦᠪᠦᠷᠢ ᠦᠭᠬᠦ ᠪᠤᠯᠤᠨ᠎ᠠ᠃ ᠡᠬᠦᠨ ᠳᠤ᠂ ᠨᠢᠭᠡᠳᠦᠭᠡᠷ ᠲᠠᠰ ᠤᠨ ᠡᠨᠧᠷᠭᠢ ᠶᠢᠨ ᠠᠰᠢᠭᠯᠠᠮᠵᠢ ᠲᠠᠢ ︵ᠪᠤᠶᠤ ᠤᠰᠤᠨ ᠤ ᠠᠰᠢᠭᠯᠠᠮᠵᠢ ᠲᠠᠢ︶ ᠦᠢᠯᠡᠳᠬᠦᠨ ᠳᠤ ᠪᠣᠷᠣᠯᠠᠭᠤᠯᠬᠤ ᠦᠨ᠎ᠡ ᠶᠢᠨ 20% ᠪᠠᠷ ᠨᠦᠬᠦᠪᠦᠷᠢ ᠦᠭᠴᠦ᠂ ᠬᠤᠶᠠᠳᠤᠭᠠᠷ ᠲᠡᠰ ᠤᠨ ᠡᠨᠧᠷᠭᠢ ᠶᠢᠨ ᠠᠰᠢᠭᠯᠠᠮᠵᠢ ᠲᠠᠢ ︵ᠪᠤᠶᠤ ᠤᠰᠤᠨ ᠤ ᠠᠰᠢᠭᠯᠠᠮᠵᠢ ᠲᠠᠢ︶ ᠦᠢᠯᠡᠳᠬᠦᠨ ᠳᠤ ᠪᠣᠷᠣᠯᠠᠭᠤᠯᠬᠤ ᠦᠨ᠎ᠡ ᠶᠢᠨ 15% ᠪᠠᠷ ᠨᠦᠬᠦᠪᠦᠷᠢ ᠦᠭᠴᠦ᠂ ᠡᠨᠧᠷᠭᠢ ᠶᠢᠨ ᠠᠰᠢᠭᠯᠠᠮᠵᠢ ᠲᠠᠢ ︵ᠪᠤᠶᠤ ᠤᠰᠤᠨ ᠤ ᠠᠰᠢᠭᠯᠠᠮᠵᠢ ᠲᠠᠢ︶ ᠭᠡᠵᠦ ᠲᠣᠭᠲᠠᠭᠠᠭᠰᠠᠨ ᠥᠬᠡᠶ ᠦᠢᠯᠡᠳᠬᠦᠨ ᠳᠤ ᠬᠠᠮᠤᠭ ᠡᠴᠦᠰ ᠤᠨ ᠪᠣᠷᠣᠯᠠᠭᠤᠯᠬᠤ ᠦᠨ᠎ᠡ ᠶᠢᠨ 15% ᠪᠠᠷ ᠨᠥᠬᠦᠪᠥᠷᠢ ᠥᠭᠭᠦᠨ᠎ᠡ᠃        ᠣᠳᠣᠬᠠᠨ ᠳᠤ᠂ ᠬᠢᠩᠭᠠᠨ ᠠᠶᠢᠮᠠᠭ ᠤᠨ 2025 ᠣᠨ ᠳᠤ ᠬᠠᠭᠤᠴᠢᠨ ᠢᠶᠠᠷ ᠰᠢᠨ᠎ᠡ ᠶᠢ ᠰᠤᠯᠢᠬᠤ ᠳᠤ ᠤᠷᠤᠯᠴᠠᠭᠰᠠᠨ ᠬᠡᠷ ᠤᠨ ᠴᠠᠬᠢᠯᠭᠠᠨ ᠬᠡᠷᠡᠭᠰᠡᠯ ᠤᠨ ᠪᠣᠷᠣᠯᠠᠭᠤᠯᠭ᠎ᠠ ᠶᠢᠨ ᠠᠵᠤ ᠠᠬᠤᠶᠢᠯᠠᠯ 47 ᠪᠠᠶᠢᠵᠥ᠂ 6 ᠬᠤᠰᠢᠭᠤ ᠰᠢᠶᠠᠨ ᠬᠤᠲᠠ ᠶᠢ ᠬᠠᠮᠤᠷᠴᠤ᠂ ᠥᠷᠭᠡᠨ ᠣᠯᠠᠨ ᠬᠡᠷᠡᠭᠯᠡᠭᠴᠢᠳ ᠲᠤ ᠳᠥᠭᠦᠮ ᠳᠥᠲᠡ᠂ ᠣᠯᠠᠨ ᠶᠠᠩᠵᠤ ᠶᠢᠨ ᠰᠣᠩᠭᠤᠯᠲᠠ ᠬᠠᠩᠭᠠᠭᠰᠠᠨ ᠪᠠᠶᠢᠨ᠎ᠠ᠃ ︵ᠰᠦᠨ ᠰᠢᠨ ᠢᠦᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号