ᠬᠢᠩᠭᠠᠨ ᠠᠶᠢᠮᠠᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠦᠮᠦᠵᠢᠯ ᠤᠨ ᠨᠤᠮ ᠤᠩᠰᠢᠬᠤ ᠠᠩᠬᠢ ᠡᠷᠬᠢᠯᠡᠵᠡᠢ
ᠨᠡᠶᠢᠲᠡᠯᠡᠭᠰᠡᠨ ᠴᠠᠭ᠄
2025/4/1
        3 ᠰᠠᠷ᠎ᠠ ᠶᠢᠨ 26 ᠤ ᠡᠳᠦᠷ ᠠᠴᠠ 27 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠴᠢᠬᠤᠯᠠ ᠦᠬᠦᠯᠡᠯᠳᠡ ᠶᠢ ᠬᠦᠨᠵᠡᠭᠡᠢ ᠰᠤᠷᠤᠯᠴᠠᠨ ᠨᠠᠷᠢᠨ ᠤᠶᠢᠯᠠᠭᠠᠵᠦ᠂ ᠲᠦᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠶᠢᠮᠠᠭ ᠤᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠷᠢᠳᠠᠪᠠᠷ ᠰᠤᠷᠤᠯᠴᠠᠵᠦ ᠤᠷᠢᠳᠠᠪᠡᠷ ᠬᠡᠷᠡᠭᠵᠢᠬᠦᠯᠵᠦ᠂ ᠪᠦᠭᠦ ᠠᠶᠢᠮᠠᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠰᠤᠷᠤᠯᠴᠠᠯᠭ᠎ᠠ ᠬᠦᠮᠦᠵᠢᠯ ᠢ ᠡᠮᠬᠢ ᠵᠢᠷᠤᠮ ᠲᠠᠢ ᠪᠠᠷ ᠪᠦᠳᠦᠮᠵᠢᠳᠡᠢ ᠥᠷᠨᠢᠭᠦᠯᠬᠦ ᠶᠢ ᠵᠢᠱᠢᠶ᠎ᠡ ᠦᠵᠡᠭᠦᠯᠦᠨ ᠲᠠᠶᠢᠴᠢᠯᠠᠵᠠᠢ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠭᠡ ᠬᠤᠷᠠᠯ ᠢ ᠡᠷᠬᠢᠯᠡᠨ ᠶᠠᠷᠢᠶ᠎ᠡ ᠲᠠᠯᠪᠢᠵᠦ᠂ ᠠᠶᠢᠮᠠᠭ ᠤᠨ ᠳᠥᠷᠪᠡᠨ ᠶᠡᠭᠡ ᠤᠳᠤᠷᠢᠳᠬᠤ ᠪᠠᠭ ᠤᠨ ᠨᠥᠬᠦᠳ᠂ ᠪᠠᠶᠢᠴᠠᠭᠠᠬᠤ ᠬᠤᠪᠢᠶᠠᠷᠢ ᠬᠤᠷᠢᠶ᠎ᠡ ᠶᠢᠨ ᠪᠠᠶᠢᠴᠠᠭᠠᠬᠤ ᠳᠠᠷᠤᠭ᠎ᠠ ᠪᠣᠯᠤᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠣᠷᠣᠯᠴᠠᠵᠠᠶ᠃        ᠨᠣᠮ ᠤᠩᠰᠢᠬᠤ ᠠᠩᠭᠢ ᠨᠢ ᠳᠠᠭᠠᠭᠤᠯᠤᠨ ᠤᠩᠰᠢᠵᠦ ᠳᠠᠭᠠᠭᠤᠯᠤᠨ ᠰᠤᠷᠬᠤ᠂ ᠲᠤᠰᠬᠠᠢ ᠮᠡᠷᠭᠡᠵᠢᠯᠳᠡᠨ ᠢᠶᠠᠷ ᠬᠠᠪᠰᠤᠷᠤᠨ ᠵᠢᠯᠤᠭᠤᠳᠬᠤ᠂ ᠲᠤᠰᠬᠠᠢ ᠰᠡᠳᠦᠪᠳᠦ ᠹᠢᠯᠢᠮ ᠦᠵᠡᠬᠦ ᠪᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠬᠦ ᠵᠡᠷᠭᠡ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠪᠠ᠃ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠤᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠳᠡᠳ᠋ ᠡᠷᠬᠢᠯᠡᠭᠴᠢ ᠰᠦᠨ ᠶᠠ ᠵᠢᠶᠧ ᠪᠥᠬᠦ ᠠᠶᠢᠮᠠᠭ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠵᠦ᠂ ᠬᠤᠰᠢᠭᠤ ᠰᠢᠶᠠᠨ ᠬᠤᠲᠠ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷᠴᠤᠳ ᠸᠢᠳᠢᠤ᠋ ᠬᠡᠯᠪᠡᠷᠢ ᠪᠠᠷ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃ ᠠᠶᠢᠮᠠᠭ ᠤᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠵᠢᠭᠠᠨ ᠲᠣᠭᠲᠠᠭᠠᠭᠰᠠᠨ ᠨᠣᠮ ᠤᠨ ᠭᠠᠷᠴᠠᠭ ᠪᠣᠯᠤᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠨᠢᠭᠡ ᠤᠳᠠᠭ᠎ᠠ ᠶᠢᠨ ᠰᠠᠬᠢᠯᠭ᠎ᠠ ᠪᠠᠲᠤ ᠶᠢᠨ ᠬᠥᠮᠦᠵᠢᠯ ᠪᠣᠯᠤᠨ ᠲᠥᠪ ᠴᠢᠩᠭ᠎ᠠ ᠨᠠᠮᠴᠢ ᠴᠢᠨᠠᠷ ᠤᠨ ᠲᠠᠪᠳᠠᠨ ᠪᠤᠯᠪᠠᠰᠤᠷᠠᠯ ᠢ ᠬᠦᠷᠳᠡᠭᠰᠡᠨ ᠪᠠᠶᠢᠨ᠎ᠠ᠃        ᠰᠦᠬᠡ ᠬᠡᠯᠡᠭᠰᠡᠨ ᠨᠢ᠂ ᠪᠦᠬᠦ ᠨᠠᠮ ᠤᠨ ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠦᠪᠡᠷ ᠤᠨ ᠪᠡᠶ᠎ᠡ ᠪᠠᠷ ᠢᠶᠠᠨ ᠰᠡᠳᠦᠪ ᠳᠤᠷᠠᠳᠴᠤ᠂ ᠦᠪᠡᠷ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠴᠢᠬᠤᠯᠠ ᠠᠵᠢᠯ ᠪᠣᠯᠤᠨ᠎ᠠ᠃ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭᠠᠨ ᠤ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠴᠠᠲᠠᠢ ᠤᠢᠢᠯᠠᠭᠠᠨ᠂ ︽ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ︾ ᠶᠢ ᠨᠡᠪᠲᠡᠷᠡᠭᠦᠯᠦᠨ ᠠᠭᠤᠰᠤᠯᠴᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠭᠡᠭᠡᠯᠲᠡᠲᠦ ᠬᠥᠮᠦᠵᠢᠯ ᠤᠨ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠢᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠭᠡᠵᠡᠢ᠃        ᠰᠦᠬᠡ ᠬᠡᠯᠡᠭᠰᠡᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠴᠠᠭ ᠢ ᠨᠢᠭᠡᠳᠦᠯᠲᠡᠢ ᠲᠥᠯᠥᠪᠵᠢᠭᠦᠯᠵᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠢᠭᠡ ᠭᠤᠣᠯ ᠰᠢᠵᠢᠮ ᠳᠤ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠶᠠᠪᠤᠭᠳᠠᠭᠤᠯᠬᠤ ᠵᠡᠷᠭᠡ ᠭᠤᠣᠯ ᠠᠵᠢᠯ ᠪᠣᠯᠤᠨ ︽ᠲᠠᠪᠤᠨ ᠨᠢᠭᠡᠳᠦᠭᠡᠷ︾ ᠤᠨ ᠠᠵᠢᠯ ᠤᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ ᠬᠡᠷᠡᠭᠲᠡᠢ᠃ ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠪᠣᠯᠤᠨ ᠠᠶᠢᠮᠠᠭ ᠤᠨ ᠱᠠᠲᠤᠨ ᠤ ᠤᠳᠤᠷᠢᠳᠬᠤ ᠺᠠᠳ᠋ᠷ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠲᠣᠭᠲᠠᠭᠰᠠᠨ ᠠᠵᠢᠯᠯᠠᠭ᠎ᠠ ᠶᠢ ᠲᠦᠷᠦᠭᠦᠯᠡᠨ ᠴᠢᠨᠠᠷ ᠰᠠᠶᠢᠲᠠᠢ ᠰᠠᠶᠢᠲᠤᠷ ᠪᠡᠶᠡᠯᠡᠭᠦᠯᠵᠦ᠂ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠣᠳᠠᠲᠠᠢ ᠶᠠᠪᠤᠳᠠᠯ ᠬᠢᠵᠦ᠂ ᠲᠦᠷᠢ ᠲᠥᠷᠬᠦ ᠶᠢ ᠱᠤᠭᠤᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠤ ᠰᠠᠶᠢᠲᠤᠷ ᠵᠢᠱᠶ᠊ ᠡᠶ᠎ᠡ ᠦᠵᠡᠭᠦᠯᠵᠦ᠂ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠢ ᠭᠡᠵᠡᠢ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号