| 3 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ | ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ︽ᠲᠠᠪᠤᠨ ᠶᠡᠭᠡ ᠡᠭᠦᠷᠭᠡ︾ ᠶᠢ ᠪᠡᠶᠡᠯᠡᠬᠦᠯᠵᠦ ᠴᠢᠨᠠᠷ | ᠰᠠᠶᠢᠳᠠᠢ ᠬᠦᠭᠵᠢᠯᠳᠡ ᠶᠢ ᠠᠬᠢᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠬᠤᠷᠠᠯᠳᠤᠭᠤᠯᠵᠦ᠂ | ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠴᠢ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ | ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠶᠢᠯᠠᠭᠠᠵᠦ | ᠂ ᠴᠢᠨᠠᠷ ᠰᠠᠶᠢᠳᠠᠢ ᠬᠦᠭᠵᠢᠯᠳᠡ ᠶᠢ ᠭᠤᠶᠢᠪᠢᠰᠢ ᠦᠭᠡᠢ ᠠᠬᠢᠭᠤᠯᠵᠦ᠂ ᠦᠷᠬᠦᠯᠵᠢᠯᠡᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠦ ᠨᠡᠭᠡᠭᠡᠯᠳᠡ ᠶᠢ ᠦᠷᠭᠡᠳᠭᠡᠵᠦ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ | ᠲᠦᠷᠭᠡᠳᠭᠡᠨ ᠠᠬᠢᠭᠤᠯᠵᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ | ᠭᠠᠮᠰᠢᠭ ᠢ ᠤᠷᠢᠳᠴᠢᠯᠡᠨ ᠰᠡᠷᠡᠮᠵᠢᠯᠡᠬᠦᠯᠬᠦ ᠲᠦᠰᠦᠯ ᠢ ᠴᠠᠭ ᠲᠤᠬᠠᠢ ᠳᠤᠨᠢ ᠵᠠᠰᠠᠨ ᠲᠡᠬᠦᠯᠳᠡᠷᠵᠢᠬᠦᠯᠵᠦ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠭᠡᠢ ᠠᠬᠢᠭᠤᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠬᠢᠩᠭᠠᠨ ᠠᠶᠢᠮᠠᠭ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠢᠯᠠᠩᠭᠤᠶ᠎ᠠ | ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠰᠢ ᠶᠢᠨ ᠫᠢᠩ ᠤᠨ ᠰᠣᠶᠣᠯ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠤᠨᠤᠯ ᠤᠨ ᠶᠠᠷᠢᠶ᠎ᠠ | ᠬᠡᠯᠡᠯᠴᠡᠭᠡ᠂ ᠲᠤᠳᠤᠭᠠᠳᠦ ᠭᠠᠳᠠᠭᠠᠳᠦ ᠤᠬᠠᠭᠤᠯᠭ᠎ᠠ᠂ ᠰᠦᠯᠵᠢᠶᠡᠨ ᠲᠡᠭᠡᠷᠡᠬᠢ ᠰᠦᠯᠵᠢᠶᠡᠨ ᠭᠠᠳᠠᠨᠠᠬᠢ᠂ ᠤᠳᠭ᠎ᠠ | ᠤᠷᠠᠯᠢᠭ ᠤᠨ ᠪᠣᠯᠪᠠᠰᠤᠨ ᠵᠡᠷᠭᠡ ᠡᠯ᠎ᠡ ᠲᠥᠷᠥᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠳᠠᠢ ᠥᠨᠳᠦᠷ | ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠡᠨᠡ ᠵᠢᠯ ᠤᠨ ᠲᠣᠭᠲᠠᠭᠠᠭᠰᠠᠨ ᠬᠠᠷᠠᠯᠲᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠦᠨ᠂ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢ ᠨᠢᠭᠡ ᠴᠤᠭᠴᠠᠵᠢᠭᠤᠯᠤᠨ | ᠠᠬᠢᠭᠤᠯᠬᠤ ᠶᠢ ᠪᠠᠷᠢᠮᠳᠠᠯᠠᠵᠦ᠂ ᠰᠶᠢᠳᠪᠦᠷᠢᠯᠡᠵᠦ ᠲᠡᠶᠢᠯᠬᠦ ᠰᠡᠳᠬᠢᠬᠦᠢ ᠶᠢ ᠪᠠᠲᠤᠳᠬᠠᠨ᠂ ᠡᠯ᠎ᠡ ᠲᠠᠯ᠎ᠠ ᠶᠢᠨ ᠡᠬᠢ | ᠪᠠᠶᠠᠯᠢᠭ ᠢ ᠰᠠᠶᠢᠲᠤᠷ ᠬᠡᠷᠡᠭᠯᠡᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠳᠡᠢ | ᠲᠦᠯᠦᠪᠵᠢᠬᠦᠯᠬᠦ ᠪᠠᠨ ᠴᠢᠩᠭᠠᠳᠬᠠᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯ᠎ᠡ ᠵᠦᠢᠯ ᠤᠨ ᠠᠵᠢᠯ ᠢ | ᠬᠢᠯᠠᠰ ᠴᠡᠭ ᠲᠠᠢ᠂ ᠰᠢᠨ᠎ᠡ ᠡᠬᠦᠳᠦᠯᠳᠡ ᠲᠠᠢ᠂ ᠬᠡᠷᠡᠯ ᠭᠢᠯᠪᠠᠭ᠎ᠠ ᠲᠠᠢ ᠪᠤᠯᠭᠠᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠬᠢᠨᠠᠯᠲᠠ ᠲᠠᠯᠪᠢᠵᠦ ᠨᠡᠪᠳᠡᠷᠡᠯᠴᠡᠬᠦᠯᠦᠨ ᠵᠤᠬᠢᠴᠠᠭᠤᠯᠬᠤ ᠠᠵᠢᠯ ᠢ | ᠬᠦᠨᠵᠡᠭᠡᠢ ᠶᠠᠪᠤᠭᠳᠠᠭᠤᠯᠵᠦ᠂ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠴᠢᠬᠤᠯᠠᠴᠢᠯᠠᠵᠤ᠂ | ᠢᠯᠡᠷᠡᠭᠦᠯᠦᠭᠰᠡᠨ ᠠᠰᠠᠭᠤᠳᠠᠯ ᠢᠶᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠬᠢᠨᠠᠯᠲᠠ ᠲᠠᠯᠪᠢᠬᠤ ᠲᠣᠣᠷ ᠢ | ᠤᠯᠠᠮ ᠨᠢᠭᠡ ᠠᠯᠬᠤᠮ ᠨᠢᠭᠲᠠ ᠰᠦᠯᠵᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ | ᠲᠤᠭᠳᠠᠴᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠴᠢᠨᠠᠷ ᠰᠠᠶᠢᠳᠠᠢ ᠬᠢᠨᠠᠯᠳᠠ ᠪᠠᠷ ᠴᠢᠨᠠᠷ ᠰᠠᠶᠢᠳᠠᠢ | ᠬᠦᠭᠵᠢᠯᠳᠡ ᠶᠢ ᠬᠠᠮᠠᠭᠠᠯᠠᠬᠤ ᠬᠡᠷᠡᠭᠳᠡᠢ ᠭᠡᠪᠡ᠃ | ᠬᠤᠷᠠᠯ ᠠᠴᠠ ︽ᠬᠢᠩᠭᠠᠨ ᠠᠶᠢᠮᠠᠭ ᠤᠨ 2025 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ | ᠲᠥᠯᠥᠪᠯᠡᠭᠡ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠥᠭᠡᠳ ᠪᠤᠰᠤᠳ ᠵᠦᠢᠯᠡᠰ ᠢ ᠰᠤᠳᠤᠯᠵᠠᠢ᠃ ︵ | ᠵᠠᠩ ᠸᠧᠢ ᠨᠠᠨ︶ | | | | |