| 3 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠡ ᠶᠢᠨ ᠲᠡᠳ᠋ ᠱᠦᠵᠢ᠂ | ᠠᠶᠢᠮᠠᠭ ᠤᠨ ᠲᠠᠷᠤᠭ᠎ᠠ ᠢᠤᠢ ᠵᠶᠢ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠵᠢᠴᠢ ︽ᠲᠠᠪᠤᠨ ᠶᠡᠭᠡ | ᠡᠬᠦᠷᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠭᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠵᠤ᠂ ᠨᠢᠭᠡ ᠭᠤᠣᠯ ᠰᠢᠵᠢᠮ ᠢ | ᠲᠤᠭᠤᠰᠢᠯᠠᠭᠤᠯᠬᠤ ᠲᠤᠭᠤᠷᠢᠨ ᠳᠤ ᠬᠤᠶᠠᠷ ᠶᠡᠭᠡ ᠶᠠᠪᠤᠳᠠᠯ ᠢ ᠰᠠᠶᠢᠳᠤᠷ ᠬᠢᠵᠦ᠂ ︽ᠲᠠᠪᠤᠨ ᠶᠡᠭᠡ ᠡᠬᠦᠷᠭᠡ︾ ᠶᠢ | ᠨᠠᠶᠢᠳᠠᠪᠤᠷᠢᠵᠢᠭᠤᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠬᠦᠯᠵᠦ᠂ ︽ᠵᠢᠷᠭᠤᠭᠠᠨ ᠠᠵᠢᠯᠯᠠᠭ᠎ᠠ︾ ᠶᠢ | ᠶᠠᠪᠤᠭᠳᠠᠭᠤᠯᠵᠦ᠂ ᠠᠮᠢ ᠠᠬᠤᠢ ᠶᠢ ᠤᠷᠢᠳᠠᠪᠡᠷ ᠪᠤᠳᠤᠯᠬᠢᠯᠠᠵᠦ ᠪᠤᠬᠢᠷᠳᠤᠯ ᠦᠭᠡᠢ ᠬᠦᠭᠵᠢᠯᠳᠡ ᠶᠢᠨ ᠵᠠᠮ ᠢᠶᠠᠷ | ᠭᠤᠶᠢᠪᠢᠰᠢ ᠦᠭᠡᠢ ᠵᠠᠮᠨᠠᠬᠤ ᠬᠡᠷᠡᠭᠳᠡᠢ᠃ ᠠᠵᠦ ᠦᠢᠯᠡᠰ ᠤᠨ ᠪᠦᠳᠦᠴᠡ ᠶᠢ ᠰᠢᠯᠢᠳᠡᠭᠵᠢᠬᠦᠯᠦᠨ ᠲᠡᠰ | ᠲᠡᠪᠰᠢᠬᠦᠯᠬᠦ ᠶᠢ ᠲᠦᠷᠭᠡᠳᠭᠡᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠦ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠬᠢᠩᠭᠠᠨ ᠠᠶᠢᠮᠠᠭ ᠤᠨ ᠣᠨᠴᠠᠯᠢᠭ ᠪᠣᠯᠤᠨ ᠳᠠᠪᠠᠭᠤᠯᠢᠭ ᠢ | ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠬᠤᠷᠠᠯ ᠠᠴᠠ ᠳᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠡᠷᠡᠭᠯᠡᠭᠡ ᠶᠢ | ᠬᠥᠭᠵᠢᠭᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ | ᠡᠷᠴᠢᠮ ᠢᠶᠠᠨ ᠴᠢᠩᠭᠠᠷᠠᠭᠤᠯᠵᠦ᠂ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡ ᠶᠢ ᠥᠷᠭᠡᠳᠭᠡᠬᠦ ᠬᠡᠷᠡᠭᠲᠡᠢ᠃ | ᠲᠤᠳᠤᠭᠠᠳᠦ ᠭᠠᠳᠠᠭᠠᠳᠦ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠦᠷ᠎ᠡ ᠪᠦᠲᠦᠮᠵᠢ ᠶᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠤᠷᠴᠢᠨ | ᠨᠦᠬᠦᠴᠡᠯ ᠢ ᠰᠢᠯᠢᠳᠡᠭᠵᠢᠬᠦᠯᠵᠦ᠂ ᠠᠵᠦ ᠠᠬᠤᠶᠢᠯᠠᠯ ᠤᠨ ᠬᠦᠭᠵᠢᠨ ᠪᠤᠵᠠᠭᠠᠶᠢᠷᠠᠬᠤ ᠳᠤ ᠬᠦᠴᠦ ᠨᠡᠮᠡᠷᠢᠯᠡᠬᠦ ᠬᠡᠷᠡᠭᠳᠡᠢ | ᠭᠡᠪᠡ᠃ | ᠬᠤᠷᠠᠯ ᠠᠴᠠ ᠬᠢᠩᠭᠠᠨ ᠠᠶᠢᠮᠠᠭ ᠤᠨ ︽ᠲᠠᠪᠤᠨ ᠶᠡᠭᠡ ᠡᠭᠦᠷᠭᠡ︾ ᠶᠢ ᠪᠡᠶᠡᠯᠡᠬᠦᠯᠬᠦ 2025 ᠣᠨ ᠤ | ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠬᠢᠨᠠᠨ ᠵᠥᠪᠯᠡᠵᠦ᠂ ᠡᠯ᠎ᠡ ᠭᠠᠵᠠᠷ ᠡᠯ᠎ᠡ ᠰᠠᠯᠠᠭ᠎ᠠ | ᠮᠥᠴᠢᠷ ︽ᠲᠠᠪᠤᠨ ᠶᠡᠭᠡ ᠡᠭᠦᠷᠭᠡ︾ ᠶᠢᠨ ᠲᠤᠬᠠᠢ ᠲᠠᠨᠢᠯᠳᠠ ᠪᠠᠨ ᠬᠦᠨᠵᠡᠭᠡᠶᠢᠷᠡᠬᠦᠯᠵᠦ᠂ ᠰᠢᠰᠲ᠋ᠧᠮᠳᠦ ᠰᠡᠳᠬᠢᠬᠦᠢ | ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠠᠵᠢᠯ ᠤᠨ ᠭᠤᠤᠯᠳᠠᠯᠭ᠎ᠠ᠂ ᠬᠦᠴᠢᠷ ᠠᠰᠠᠭᠤᠳᠠᠯ᠂ | ᠬᠢᠯᠡᠰ ᠴᠡᠭ ᠢ ᠤᠨᠤᠴᠠᠳᠠᠢ ᠡᠵᠡᠮᠳᠡᠵᠦ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠨ ᠴᠢᠷᠮᠠᠶᠢᠨ ᠠᠵᠢᠯᠯᠠᠵᠤ᠂ | ᠡᠯ᠎ᠡ ᠵᠦᠢᠯ ᠤᠨ ᠡᠭᠦᠷᠭᠡ ᠶᠢ ᠭᠤᠶᠢᠪᠢᠰᠢ ᠦᠭᠡᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ ︵ᠵᠠᠩ ᠴᠢᠶᠠᠩ︶ | | | | |