| ᠦᠨᠡᠨᠴᠢ ᠢᠲᠡᠭᠡᠮᠵᠢᠲᠡᠢ ᠪᠠᠶᠢᠬᠤ ᠪᠣᠯ ᠨᠡᠶᠢᠭᠡᠮ ᠤᠨ ᠬᠥᠭᠵᠢᠯᠲᠡ ᠶᠢᠨ ᠰᠠᠭᠤᠷᠢ ᠮᠥᠨ᠂ ᠪᠠᠰᠠᠴᠤ ᠰᠣᠶᠣᠯ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠪᠠᠲᠤᠯᠠᠭ᠎ᠠ ᠮᠥᠨ᠃ ᠤᠯᠠᠨ ᠵᠢᠯ ᠤᠨ | ᠲᠤᠷᠰᠢ᠂ ᠤᠯᠠᠭᠠᠨᠬᠤᠳᠠ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢ ᠬᠦᠳᠡᠭᠡ ᠲᠤᠰᠬᠤᠨ ᠤ ᠵᠢᠭᠤᠯᠴᠢᠯᠠᠯ ᠤᠨ | ᠦᠢᠯᠡᠰ ᠤᠨ ᠬᠦᠭᠵᠢᠯᠳᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ | ᠲᠠᠳᠠᠬᠤ ᠬᠦᠴᠦᠨ ᠢ ᠦᠷᠬᠦᠯᠵᠢᠯᠡᠨ ᠨᠡᠮᠡᠭᠳᠡᠬᠦᠯᠵᠦ᠂ ᠵᠢᠭᠤᠯᠴᠢᠯᠠᠭᠴᠢᠳ ᠤᠨ ᠬᠦᠳᠡᠭᠡ ᠲᠤᠰᠬᠤᠨ ᠳᠤ ᠰᠠᠨᠠᠭ᠎ᠠ | ᠠᠮᠤᠷ ᠵᠢᠭᠤᠯᠴᠢᠯᠠᠬᠤ᠂ ᠠᠮᠤᠷ ᠲᠦᠪᠰᠢᠨ ᠵᠢᠭᠤᠯᠴᠢᠯᠠᠬᠤ ᠨᠦᠬᠦᠴᠡᠯ ᠢ ᠬᠠᠩᠭᠠᠵᠠᠢ᠃ | ᠭᠤᠷᠪᠠᠨ ᠰᠠᠷ᠎ᠠ ᠶᠢᠨ ᠬᠢᠩᠭᠠᠨ ᠨᠤᠳᠤᠭ ᠢᠶᠠᠷ ᠮᠦᠰᠦ ᠴᠠᠰᠦ ᠬᠠᠶᠢᠯᠠᠨ ᠲᠦᠮᠡᠨ ᠪᠤᠳᠠᠰ ᠠᠮᠢᠯᠠᠨ | ᠰᠡᠷᠬᠦᠨᠡ᠃ ᠦᠷᠯᠦᠭᠡ ᠡᠷᠳᠡ᠂ ᠭᠡᠭᠡᠨᠰᠦ᠋ᠮ᠎ᠡ ᠪᠠᠯᠭᠠᠰᠦ ᠶᠢᠨ ᠵᠢᠩ ᠶᠤᠸᠠᠨ ᠭᠧ ᠬᠠᠯᠠᠭᠤᠨ ᠲᠤᠭᠤᠭ᠎ᠠ ᠶᠢᠨ | ᠬᠤᠭᠤᠯᠠᠨ ᠭᠡᠷ ᠤᠨ ᠠᠵᠢᠯᠳᠡᠨ ᠶᠠᠭᠠᠷᠠᠯᠳᠠᠢ ᠠᠵᠢᠯᠯᠠᠵᠥ᠂ ᠵᠢᠭᠤᠯᠴᠢᠯᠠᠭᠴᠢᠳ ᠢᠶᠠᠨ ᠤᠭᠳᠤᠬᠤ ᠪᠠᠷ ᠪᠡᠯᠡᠳᠭᠡᠨ᠎ᠡ᠃ | ᠡᠬᠦᠳᠡ ᠨᠡᠭᠡᠭᠡᠭᠰᠡᠨ ᠬᠤᠶᠠᠷ ᠵᠢᠯ ᠤᠨ ᠲᠤᠷᠰᠢ᠂ ᠲᠤᠰ ᠬᠠᠯᠠᠭᠤᠨ ᠲᠤᠭᠤᠭᠠᠨ ᠤ ᠬᠤᠭᠤᠯᠠᠨ ᠭᠡᠷ ᠦᠨᠡᠨᠴᠢ | ᠢᠳᠡᠭᠡᠮᠵᠢᠳᠡᠢ ᠡᠵᠡᠩᠨᠡᠬᠦ ᠦᠢᠯᠡᠴᠢᠯᠡᠭᠡᠨ ᠤ ᠦᠢᠯᠠᠭᠠᠭᠳᠠᠬᠤᠨ ᠢ ᠢᠮᠠᠭᠳᠠ ᠪᠠᠷᠢᠮᠳᠠᠯᠠᠵᠦ᠂ ᠵᠢᠭᠤᠯᠴᠢᠯᠠᠭᠴᠢᠳ ᠲᠤ | ᠰᠠᠨᠠᠭ᠎ᠠ ᠠᠮᠤᠷ᠂ ᠲᠠᠭᠠᠯᠠᠮᠵᠢᠳᠠᠢ ᠬᠤᠭᠤᠯᠠ ᠢᠳᠡᠬᠦ ᠤᠷᠴᠢᠨ ᠲᠤᠭᠤᠷᠢᠨ ᠢ ᠬᠠᠩᠭᠠᠵᠦ ᠪᠤᠢ᠃ | ︽ᠪᠢ ᠭᠡᠭᠡᠨᠰᠦ᠋ᠮ᠎ᠡ ᠪᠠᠯᠭᠠᠰᠤᠨ ᠳᠤ ᠣᠯᠠᠨ ᠤᠳᠠᠭ᠎ᠠ ᠨᠠᠭᠠᠳᠬᠤ ᠪᠠᠷ ᠢᠷᠡᠭᠰᠡᠨ ᠪᠠᠶᠢᠨ᠎ᠠ᠂ | ᠵᠢᠭᠤᠯᠴᠢᠯᠠᠯ ᠤᠨ ᠪᠡᠶᠡᠴᠢᠯᠡᠨ ᠤᠶᠢᠯᠠᠭᠠᠯᠳᠠ ᠮᠠᠰᠢ ᠰᠠᠶᠢᠨ᠂ ᠵᠢᠭᠤᠯᠴᠢᠯᠠᠯ ᠤᠨ ᠲᠦᠷᠦᠯ ᠵᠦᠢᠯ᠂ ᠦᠵᠡᠮᠵᠢ ᠶᠢᠨ | ᠤᠷᠤᠨ ᠤ ᠬᠤᠭᠤᠯᠠᠨ ᠭᠡᠷ ᠴᠥᠮ ᠦᠨ᠎ᠡ ᠬᠠᠩᠰᠢ ᠨᠢ ᠮᠠᠰᠢ ᠲᠣᠳᠣᠷᠬᠠᠶ᠂ ᠪᠠᠶᠠᠷ ᠳᠤᠷᠠᠰᠬᠠᠯ ᠤᠨ ᠡᠳᠦᠷ ᠪᠠ | ᠠᠮᠠᠷᠠᠯᠲᠠ ᠶᠢᠨ ᠡᠳᠦᠷ ᠴᠤ ᠦᠨ᠎ᠡ ᠨᠢ ᠥᠰᠦᠭᠰᠡᠨ ᠦᠭᠡᠶ᠂ ᠤᠳᠠᠭ᠎ᠠ ᠪᠣᠯᠭᠠᠨ ᠳᠤ ᠴᠥᠮ ᠪᠠᠶᠠᠷ ᠬᠥᠷ ᠲᠠᠢ | ᠨᠠᠭᠠᠳᠳᠠᠭ︾ ᠭᠡᠵᠦ ᠵᠢᠭᠤᠯᠴᠢᠯᠠᠭᠴᠢ ᠲᠦᠩ ᠪᠠᠢ ᠯᠢᠩ ᠰᠡᠳᠭᠢᠯ ᠬᠠᠨᠤᠮᠵᠢᠲᠠᠢ ᠬᠡᠯᠡᠪᠡ᠃ | ᠤᠢᠢᠷ᠎ᠠ ᠶᠢᠨ ᠵᠢᠯ ᠠᠴᠠ ᠨᠠᠭᠠᠰᠢ᠂ ᠭᠡᠭᠡᠨᠰᠦ᠋ᠮ᠎ᠡ ᠪᠠᠯᠭᠠᠰᠤ ᠡᠯᠪᠡᠭ ᠪᠠᠶᠠᠯᠢᠭ ᠬᠤᠪᠢᠰᠬᠠᠯᠳᠦ ᠰᠤᠶᠤᠯ | ᠪᠤᠯᠤᠨ ᠤᠯᠠᠨ ᠠᠴᠠ ᠤᠨᠴᠠᠭᠠᠢ ᠠᠮᠢ ᠠᠬᠤᠢ ᠶᠢᠨ ᠤᠷᠴᠢᠨ ᠲᠤᠭᠤᠷᠢᠨ ᠳᠤ ᠲᠦᠰᠢᠭᠯᠡᠨ᠂ ᠨᠡᠷᠡᠳᠦ ᠮᠤᠷᠢᠨ ᠤ | ᠣᠷᠳᠣᠨ᠂ ᠨᠤᠲᠤᠭ ᠤᠨ ᠦᠨᠦᠷ ᠠᠮᠳᠠ ᠶᠢᠨ ᠢᠳᠡᠭᠡᠨ ᠤ ᠵᠡᠭᠡᠯᠢ᠂ ᠵᠢᠮᠢᠰ ᠲᠡᠬᠦᠬᠦ ᠬᠦᠷᠢᠶᠡᠯᠡᠩ ᠵᠡᠷᠭᠡ | ᠤᠨᠴᠠᠯᠢᠬᠳᠦ ᠵᠢᠭᠤᠯᠴᠢᠯᠠᠯ ᠤᠨ ᠲᠦᠷᠦᠯ ᠵᠦᠢᠯ ᠢ ᠪᠠᠶᠢᠭᠤᠯᠵᠦ᠂ ᠮᠠᠰᠢ ᠤᠯᠠᠨ ᠵᠢᠭᠤᠯᠴᠢᠯᠠᠭᠴᠢᠳ ᠤᠨ ᠠᠩᠬᠠᠷᠤᠯ ᠢ | ᠲᠠᠳᠠᠵᠠᠢ᠃ ᠡᠨᠡᠬᠦ ᠬᠦᠷ ᠬᠦᠭᠵᠢᠶᠡᠨᠳᠡᠢ ᠪᠠᠶᠢᠳᠠᠯ ᠨᠢ ᠭᠡᠭᠡᠨᠰᠦ᠋ᠮ᠎ᠡ ᠪᠠᠯᠭᠠᠰᠦ ᠶᠢᠨ ᠡᠯ᠎ᠡ ᠡᠵᠡᠩᠨᠡᠯᠲᠡ ᠶᠢᠨ ᠭᠤᠣᠯ | ᠴᠣᠭᠴᠠ ᠶᠢᠨ ᠦᠨᠡᠨᠴᠢ ᠢᠲᠡᠭᠡᠮᠵᠢᠲᠡᠢ ᠡᠵᠡᠩᠨᠡᠯᠲᠡ ᠶᠢ ᠪᠠᠷᠢᠮᠳᠠᠯᠠᠵᠦ ᠢᠷᠡᠭᠰᠡᠨ ᠶᠠᠪᠤᠳᠠᠯ ᠪᠤᠯᠤᠨ᠎ᠠ᠃ ᠡᠬᠦᠨ ᠠᠴᠠ | ᠭᠠᠳᠠᠨ᠎ᠠ ᠭᠡᠭᠡᠨᠰᠦ᠋ᠮ᠎ᠡ ᠪᠠᠯᠭᠠᠰᠤ ᠪᠠᠰᠠ ᠵᠢᠭᠤᠯᠴᠢᠯᠠᠭᠴᠢᠳ ᠤᠨ ᠬᠠᠷᠢᠭᠤ ᠲᠤᠰᠬᠠᠬᠤ ᠪᠦᠷᠢᠨ ᠲᠡᠬᠦᠯᠳᠡᠷ | ᠲᠤᠭᠳᠠᠴᠠ ᠶᠢ ᠪᠠᠶᠢᠭᠤᠯᠵᠦ᠂ ᠵᠢᠭᠤᠯᠴᠢᠯᠠᠭᠴᠢᠳ ᠤᠨ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠰᠶᠢᠳᠪᠦᠷᠢᠯᠡᠵᠦ᠂ | ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠴᠢᠯᠡᠭᠡᠨ ᠤ ᠶᠠᠰᠦ ᠴᠢᠨᠠᠷ ᠢ ᠲᠠᠰᠤᠷᠠᠯᠳᠠ ᠦᠭᠡᠢ | ᠰᠢᠯᠢᠳᠡᠭᠵᠢᠬᠦᠯᠦᠨ ᠲᠡᠭᠡᠭᠰᠢᠯᠡᠬᠦᠯᠵᠦ᠂ ᠵᠢᠭᠤᠯᠴᠢᠯᠠᠭᠴᠢᠳ ᠤᠨ ᠮᠠᠭᠳᠠᠭᠠᠯ ᠰᠠᠶᠢᠰᠢᠶᠠᠯ ᠢ ᠤᠯᠪᠠ᠃ 2024 | ᠤᠨ ᠳᠤ ᠭᠡᠭᠡᠨᠰᠦ᠋ᠮ᠎ᠡ ᠪᠠᠯᠭᠠᠰᠦ ᠨᠡᠶᠢᠳᠡ 32 ᠲᠦᠮᠡᠨ ᠵᠢᠭᠤᠯᠴᠢᠯᠠᠭᠴᠢᠳ ᠢ ᠬᠦᠯᠢᠶᠡᠨ ᠠᠪᠴᠦ᠂ | ᠵᠢᠭᠤᠯᠴᠢᠯᠠᠯ ᠤᠨ ᠤᠷᠤᠯᠭ᠎ᠠ 40 ᠲᠦᠮᠡᠨ ᠲᠦᠭᠦᠷᠢᠭ ᠲᠤ ᠬᠦᠷᠪᠡ᠃ | ᠬᠦᠳᠡᠭᠡ ᠠᠶᠢᠯ ᠤᠨ ᠪᠠᠭᠤᠳᠠᠯ ᠤᠨ ᠠᠵᠦ ᠦᠢᠯᠡᠰ ᠤᠨ ᠬᠦᠭᠵᠢᠯᠳᠡ ᠨᠢ ᠮᠦᠨ ᠴᠤ ᠦᠨᠡᠨᠴᠢ | ᠢᠳᠡᠭᠡᠮᠵᠢᠳᠡᠢ ᠡᠵᠡᠩᠨᠡᠯᠳᠡ ᠠᠴᠠ ᠰᠠᠯᠵᠦ ᠴᠢᠳᠠᠬᠤ ᠦᠭᠡᠢ ᠶᠤᠮ᠃ ᠢᠯᠠᠯᠳᠠ ᠪᠠᠯᠭᠠᠰᠦ ᠶᠢᠨ ︽ᠵᠡᠬᠦᠨ ᠪᠠᠷᠠᠭᠤᠨ | ᠵᠡᠷᠭᠡᠯᠳᠡᠭᠡ ᠠᠶᠢᠯ︾ ᠬᠦᠳᠡᠭᠡ ᠠᠶᠢᠯ ᠤᠨ ᠪᠠᠭᠤᠳᠠᠯ ᠳᠤ ᠤᠷᠤᠬᠤ ᠳᠤ᠂ ᠭᠡᠷ ᠤᠨ ᠲᠤᠳᠤᠨ᠎ᠠ ᠨᠢ ᠠᠭᠤᠵᠢᠮ | ᠰᠠᠷᠠᠭᠤᠯ᠂ ᠴᠣᠩᠬᠤ ᠪᠠᠷ ᠭᠠᠳᠠᠭᠰᠢ ᠬᠠᠷᠠᠬᠤ ᠳᠤ ᠭᠠᠳᠠᠨᠠᠬᠢ ᠭᠤᠶᠤ ᠦᠵᠡᠮᠵᠢ ᠶᠢ ᠣᠯᠵᠤ ᠬᠠᠷᠠᠨ᠎ᠠ᠃ | ︽ᠪᠢᠳᠡ ᠬᠦᠳᠡᠭᠡ ᠠᠶᠢᠯ ᠤᠨ ᠪᠠᠭᠤᠳᠠᠯ ᠡᠵᠡᠩᠨᠡᠬᠦ ᠳᠡᠭᠡᠨ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠳᠡᠢ᠂ | ᠦᠨ᠎ᠡ ᠬᠠᠩᠰᠢ ᠶᠢ ᠢᠯᠡ ᠲᠣᠳᠣ ᠪᠠᠶᠢᠯᠭᠠᠬᠤ ᠬᠡᠷᠡᠭᠲᠡᠶ᠂ ᠶᠠᠮᠠᠷ ᠴᠤ ᠳᠠᠯᠳᠠ ᠬᠡᠷᠡᠭᠯᠡᠭᠡ ᠪᠠᠶᠢᠬᠤ ᠦᠭᠡᠶ ᠪᠣᠯ | ᠵᠢᠭᠤᠯᠴᠢᠯᠠᠭᠴᠢᠳ ᠰᠠᠨᠠᠭ᠎ᠠ ᠠᠮᠤᠷ ᠣᠷᠣᠵᠤ ᠰᠠᠭᠤᠬᠤ ᠪᠣᠯᠤᠨ᠎ᠠ︾ ᠭᠡᠵᠦ ᠴᠧᠨ ᠠᠢ ᠫᠢᠩ ᠬᠡᠯᠡᠪᠡ᠃ | ᠬᠦᠳᠡᠭᠡ ᠠᠶᠢᠯ ᠤᠨ ᠪᠠᠭᠤᠳᠠᠯ ᠪᠣᠯ ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ | ᠬᠡᠯᠪᠡᠷᠢ ᠪᠣᠯᠤᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢᠨ | ᠲᠦᠯᠦᠭᠡ᠂ ᠢᠯᠠᠯᠳᠠ ᠪᠠᠯᠭᠠᠰᠦ ᠬᠦᠳᠡᠭᠡ ᠠᠶᠢᠯ ᠤᠨ ᠪᠠᠭᠤᠳᠠᠯ ᠤᠨ ᠠᠵᠢᠯ ᠲᠦᠷᠦᠯ ᠤᠨ ᠢᠳᠡᠭᠡᠮᠵᠢ ᠶᠢᠨ | ᠰᠢᠰᠲ᠋ᠧᠮ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠦ᠂ ᠬᠠᠮᠢᠶ᠎ᠠ ᠪᠦᠬᠦᠢ ᠲᠦᠷᠢᠮ ᠲᠤᠭᠳᠠᠭᠠᠯ ᠢ | ᠲᠡᠬᠦᠯᠳᠡᠷᠵᠢᠬᠦᠯᠵᠦ᠂ ᠬᠦᠳᠡᠭᠡ ᠠᠶᠢᠯ ᠤᠨ ᠪᠠᠭᠤᠳᠠᠯ ᠤᠨ ᠡᠵᠡᠩᠨᠡᠭᠴᠢᠳ ᠤᠨ ᠦᠨᠡᠨᠴᠢ ᠢᠳᠡᠭᠡᠮᠵᠢᠳᠡᠢ ᠪᠠᠷ ᠡᠵᠡᠩᠨᠡᠬᠦ | ᠂ ᠵᠤᠬᠢᠰᠳᠠᠢ ᠦᠨ᠎ᠡ ᠲᠤᠭᠳᠠᠭᠠᠬᠤ ᠶᠢ ᠬᠦᠳᠦᠯᠦᠨ ᠵᠢᠯᠤᠭᠤᠳᠴᠦ ᠪᠠᠶᠢᠭᠠᠳ᠂ ᠵᠢᠭᠤᠯᠴᠢᠯᠠᠭᠴᠢᠳ ᠤᠨ ᠬᠠᠤᠯᠢ | ᠶᠤᠰᠤᠨ ᠤ ᠡᠷᠭᠡ ᠠᠰᠢᠭ ᠢ ᠦᠨᠡᠨ ᠬᠦ ᠬᠠᠮᠠᠭᠠᠯᠠᠪᠠ᠃ ︵ᠳ᠋ᠦᠩ ᠯᠢᠨ ᠭᠤᠤᠯᠴᠢ︶ | | | | |