| ᠣᠶᠢᠷ᠎ᠠ ᠳᠤ᠂ ᠰᠤᠷᠪᠤᠯᠵᠢᠯᠠᠭᠴᠢ ᠤᠯᠠᠭᠠᠨᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠠᠴᠠ | ᠣᠶᠢᠯᠠᠭᠠᠭᠰᠠᠨ ᠨᠢ᠂ ᠣᠶᠢᠷ᠎ᠠ ᠶᠢᠨ ᠵᠢᠯ ᠳᠤ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ︽ᠠᠮᠢ ᠨᠠᠰᠤᠨ ᠤ | ᠡᠷᠡᠭᠦᠯ ᠮᠡᠨᠳᠦ ᠳᠤ ᠡᠮᠡᠭᠲᠡᠶᠢᠴᠦᠳ ᠤᠨ ᠬᠦᠴᠦᠨ ᠢᠶᠠᠨ ᠡᠷᠭᠦᠬᠦ ᠠᠵᠢᠯᠯᠠᠭ᠎ᠠ︾ ᠶᠢ ᠭᠦᠨᠵᠡᠭᠡᠶᠢᠷᠡᠭᠦᠯᠵᠦ᠂ | ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠠᠮᠠᠭᠠᠯᠠᠯᠲᠠ ᠶᠢ ᠰᠠᠶᠢᠲᠤᠷ ᠴᠢᠩᠭᠠᠳᠬᠠᠵᠤ ᠪᠣᠢ᠃ | | | | | | | ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ | ᠲᠥᠯᠥᠭᠡ᠂ ᠤᠯᠠᠭᠠᠨᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠨᠢ ︽ᠠᠮᠢ ᠨᠠᠰᠤᠨ ᠤ ᠡᠷᠡᠭᠦᠯ ᠮᠡᠨᠳᠦ ᠳᠤ | ᠡᠮᠡᠭᠲᠡᠶᠢᠴᠦᠳ ᠤᠨ ᠬᠦᠴᠦᠨ ᠢᠶᠠᠨ ᠡᠷᠭᠦᠬᠦ ᠠᠵᠢᠯᠯᠠᠭ᠎ᠠ︾ ᠶᠢ ᠭᠦᠨᠵᠡᠭᠡᠶᠢᠷᠡᠭᠦᠯᠦᠨ᠂ ︽ᠰᠢᠭᠰᠢᠨ ᠪᠠᠶᠢᠴᠠᠭᠠᠵᠤ | ᠤᠷᠢᠳᠴᠢᠯᠠᠨ ᠰᠡᠷᠭᠡᠶᠢᠯᠡᠬᠦ + ᠰᠡᠳᠬᠢᠴᠡ ᠶᠢᠨ ᠬᠠᠯᠠᠮᠵᠢᠯᠠᠯ + ᠴᠢᠳᠠᠪᠤᠷᠢ ᠣᠯᠭᠤᠬᠤ ᠬᠥᠮᠦᠵᠢᠯ︾ ᠤᠨ ᠪᠥᠬᠦ | ᠬᠡᠯᠬᠢᠶ᠎ᠡ ᠶᠢᠨ ᠦᠢᠯᠡᠴᠢᠯᠡᠭᠡᠨ ᠤ ᠵᠠᠭᠪᠤᠷ ᠢᠶᠠᠷ ᠳᠠᠮᠵᠢᠨ᠂ ᠬᠤᠲᠠ ᠬᠥᠳᠡᠭᠡ ᠶᠢ ᠬᠠᠮᠤᠷᠤᠭᠰᠠᠨ ᠡᠮᠡᠭᠲᠡᠶᠢᠴᠦᠳ ᠤᠨ | ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠲᠣᠤᠷ ᠢ ᠪᠠᠶᠢᠭᠤᠯᠵᠤ᠂ ᠡᠮᠡᠭᠲᠡᠶᠢᠴᠦᠳ ᠤᠨ ᠪᠡᠶ᠎ᠡ ᠰᠡᠳᠬᠢᠴᠡ ᠶᠢᠨ | ᠲᠡᠩᠴᠡᠭᠦᠷᠢᠲᠡᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ ᠬᠤᠲᠠ ᠶᠢᠨ ᠡᠮᠡᠭᠲᠡᠶᠢᠴᠦᠳ ᠤᠨ | ᠬᠤᠯᠪᠣᠭ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ | ᠪᠠᠶᠢᠭᠤᠯᠤᠮᠵᠢ ᠲᠠᠢ ᠬᠠᠮᠲᠤᠷᠠᠨ ᠦᠨᠳᠦᠰᠦᠨ ᠱᠠᠲᠤᠨ ᠤ ᠡᠮᠡᠭᠲᠡᠶᠢᠴᠦᠳ ᠲᠤ ᠰᠦᠢᠳᠬᠡᠯ ᠬᠤᠷᠢᠶᠠᠬᠤ ᠥᠬᠡᠶ ᠪᠠᠷ ︽ | ᠬᠤᠶᠠᠷ ᠥᠮᠡᠨ︾ ᠢ ᠰᠢᠭᠰᠢᠨ ᠪᠠᠶᠢᠴᠠᠭᠠᠬᠤ ᠦᠢᠯᠡᠴᠢᠯᠡᠭᠡ ᠬᠠᠩᠭᠠᠵᠤ᠂ ︽ᠨᠢᠭᠡ ᠬᠥᠮᠦᠨ ᠨᠢᠭᠡ ᠲᠠᠩᠰᠠ ᠡᠪᠬᠡᠮᠡᠯ︾ | ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠤᠨ᠂ ᠨᠡᠶᠢᠲᠡ 3.1 ᠲᠦᠮᠡᠨ ᠬᠥᠮᠦᠨ ᠤᠳᠠᠭ᠎ᠠ | ᠬᠠᠮᠤᠷᠬᠤ ᠶᠢᠨ ᠬᠠᠮᠲᠤ ᠬᠡᠪ ᠤᠨ ᠪᠤᠰᠤ ᠡᠪᠡᠳᠴᠢᠨ ᠤ ᠵᠢᠱᠢᠶ᠎ᠡ ᠶᠢ ᠰᠢᠭᠰᠢᠨ ᠪᠠᠶᠢᠴᠠᠭᠠᠬᠤ ᠳᠤ ᠰᠠᠭᠠᠳ ᠥᠬᠡᠶ | ᠰᠢᠯᠵᠢᠭᠦᠯᠦᠨ ᠡᠮᠴᠢᠯᠡᠭᠦᠯᠬᠦ ᠵᠠᠮ ᠢ ᠨᠡᠭᠡᠭᠡᠵᠦ᠂ ᠡᠷᠲᠡ ᠢᠯᠡᠷᠡᠭᠦᠯᠵᠦ᠂ ᠡᠷᠲᠡ ᠬᠠᠮᠢᠶᠠᠷᠬᠤ ᠶᠢ ᠪᠡᠶᠡᠯᠡᠭᠦᠯᠪᠡ᠃ | ᠡᠭᠦᠨ ᠤ ᠬᠠᠮᠲᠤ᠂ ︽ᠨᠡᠭᠦᠳᠡᠯ ᠡᠷᠡᠭᠦᠯ ᠮᠡᠨᠳᠦ ᠶᠢᠨ ᠬᠠᠮᠠᠭᠠᠯᠠᠭᠴᠢ︾ ᠶᠢᠨ ᠰᠠᠶᠢᠨ ᠳᠤᠷ᠎ᠠ ᠶᠢᠨ ᠪᠦᠯᠬᠦᠮ ᠢ | ᠵᠣᠬᠢᠶᠠᠨ ᠪᠠᠶᠢᠭᠤᠯᠤᠨ ᠪᠤᠶᠢᠳᠠ ᠪᠥᠭᠯᠡᠭᠦᠤ ᠭᠠᠴᠠᠭ᠎ᠠ ᠲᠣᠰᠬᠤᠨ ᠢᠶᠠᠷ ᠭᠦᠨᠵᠡᠭᠡᠶᠢᠷᠡᠭᠦᠯᠦᠨ᠂ ᠠᠯᠪᠠᠨ ᠵᠢᠷᠤᠮ ᠤᠨ | ᠡᠮᠴᠢᠯᠡᠭᠡ ᠵᠢᠴᠢ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠡᠷᠡᠭᠦᠯ | ᠮᠡᠨᠳᠦ ᠶᠢᠨ ᠭᠠᠷ ᠳᠡᠪᠲᠡᠷ ᠢ 1.2 ᠲᠦᠮᠡ ᠭᠠᠷᠤᠶ ᠬᠤᠪᠢ ᠲᠠᠷᠬᠠᠭᠠᠵᠤ᠂ 10 ᠲᠦᠮᠡ ᠭᠠᠷᠤᠶ ᠡᠮᠡᠭᠲᠡᠶᠢᠴᠦᠳ ᠲᠤ | ᠠᠰᠢᠭ ᠬᠦᠷᠲᠡᠭᠡᠵᠦ᠂ ᠭᠠᠵᠠᠷ ᠣᠷᠣᠨ ᠤ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠪᠦᠲᠦᠮᠵᠢᠲᠡᠢ ᠣᠯᠠᠮᠵᠢᠯᠠᠬᠤ ᠶᠢ | ᠠᠬᠢᠭᠤᠯᠪᠠ᠃ | | | | | ᠡᠮᠡᠭᠲᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠡᠷᠡᠭᠴᠡᠭᠡ ᠳᠤ ᠴᠢᠭᠯᠡᠭᠦᠯᠦᠨ᠂ ᠬᠤᠲᠠ ᠶᠢᠨ | ᠡᠮᠡᠭᠲᠡᠶᠢᠴᠦᠳ ᠤᠨ ᠬᠤᠯᠪᠣᠭ᠎ᠠ ︽ᠰᠡᠳᠬᠢᠴᠡ ᠶᠢᠨ ᠤᠯᠠᠭ᠎ᠠ ᠥᠷᠲᠡᠭᠡ︾ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠵᠤ᠂ ᠰᠡᠳᠬᠢᠴᠡ ᠶᠢᠨ ᠬᠠᠯᠠᠮᠰᠢᠯ ᠤᠲᠠᠰᠤ ᠪᠠ 12338 ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ | ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠪᠲᠡᠷᠡᠭᠦᠯᠵᠦ᠂ ᠰᠡᠳᠬᠢᠴᠡ ᠶᠢᠨ ᠵᠥᠪᠯᠡᠯᠭᠡ ᠪᠠ ᠬᠠᠤᠯᠢ ᠴᠠᠭᠠᠵᠠ ᠶᠢᠨ | ᠲᠤᠰᠠᠯᠠᠮᠵᠢ ᠶᠢ ᠨᠡᠶᠢᠲᠡ ᠮᠢᠩᠭ᠎ᠠ ᠭᠠᠷᠤᠶ ᠤᠳᠠᠭ᠎ᠠ ᠬᠠᠩᠭᠠᠪᠠ᠃ ︽ ᠰᠥᠨᠢ ᠶᠢᠨ ᠵᠣᠭᠤᠭ︾᠂ ︽ᠭᠠᠷ | ᠤᠷᠠᠯᠠᠯ ᠤᠨ ᠵᠠᠰᠠᠯ︾᠂ ︽ᠡᠴᠢᠭᠡ ᠡᠬᠡ ᠦᠷ᠎ᠡ ᠬᠡᠦᠬᠡᠳ ᠤᠨ ᠬᠠᠷᠢᠴᠠᠭᠠᠨ ᠤ ᠵᠣᠭᠤᠭ︾ ᠵᠡᠷᠭᠡ ᠣᠨᠴᠠᠯᠢᠭᠲᠤ | ᠠᠵᠢᠯᠯᠠᠭ᠎ᠠ ᠪᠠᠷ ᠳᠠᠮᠵᠢᠨ᠂ ᠡᠮᠡᠭᠲᠡᠶᠢᠴᠦᠳ ᠢ ᠬᠠᠪᠰᠤᠷᠤᠨ ᠳᠠᠷᠤᠯᠲᠠ ᠶᠢ ᠨᠢ ᠬᠥᠩᠭᠡᠷᠡᠭᠦᠯᠵᠦ᠂ ᠥᠪᠡᠷ ᠤᠨ | ᠢᠲᠡᠭᠡᠯ ᠢ ᠨᠢ ᠨᠡᠮᠡᠭᠳᠡᠭᠦᠯᠪᠡ᠃ ᠡᠭᠦᠨ ᠠᠴᠠ ᠭᠠᠳᠠᠨ᠎ᠠ᠂ ︽ᠡᠷᠡᠭᠦᠯ ᠮᠡᠨᠳᠦ ᠶᠢᠨ ᠠᠮᠠᠷᠠᠯᠲᠠ ᠶᠢᠨ ᠡᠳᠦᠷ︾ | ᠳᠣᠬᠢᠷᠠᠭᠤᠯᠵᠤ᠂ ᠠᠵᠢᠯ ᠤᠨ ᠪᠠᠶᠢᠷᠢ ᠳᠤ ᠪᠠᠶᠢᠭ᠎ᠠ ᠡᠵᠢ ᠳᠤ ᠲᠤᠰᠬᠠᠶ ᠳᠠᠷᠤᠯᠲᠠ ᠪᠠᠨ ᠬᠥᠩᠭᠡᠷᠡᠭᠦᠯᠬᠦ ᠣᠷᠣᠨ ᠵᠠᠶ | ᠬᠠᠩᠭᠠᠵᠤ᠂ ︽ᠡᠭᠡᠴᠢ ᠥᠬᠢᠨ ᠳᠡᠭᠦᠤ ᠶᠢᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ︾ ᠢ ᠵᠣᠬᠢᠶᠠᠨ | ᠪᠠᠶᠢᠭᠤᠯᠵᠤ ᠮᠢᠩᠭ᠎ᠠ ᠭᠠᠷᠤᠢ ᠡᠮᠡᠭᠲᠡᠶᠢᠴᠦᠳ ᠲᠤ ᠠᠰᠢᠭ ᠬᠦᠷᠲᠡᠭᠡᠪᠡ᠃ | ︽ᠡᠮᠡᠭᠲᠡᠶᠢᠴᠦᠳ ᠤᠨ ᠭᠡᠷ︾ ᠢᠶᠠᠷ ᠵᠢᠭᠰᠠᠭᠠᠯ ᠤᠨ ᠭᠠᠵᠠᠷ ᠪᠣᠯᠭᠠᠵᠤ᠂ ᠦᠨᠳᠦᠰᠦᠨ ᠱᠠᠲᠤᠨ ᠤ | ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ ᠢ ᠬᠥᠮᠦᠵᠢᠭᠦᠯᠦᠨ ︽ᠡᠷᠡᠭᠦᠯ ᠮᠡᠨᠳᠦ ᠶᠢᠨ ᠬᠠᠮᠢᠶᠠᠷᠤᠭᠴᠢ︾ ᠪᠣᠯᠭᠠᠵᠤ᠂ | ᠭᠠᠴᠠᠭ᠎ᠠ ᠲᠣᠰᠬᠤᠨ ᠤ ᠡᠮᠴᠢ ᠲᠠᠢ ᠬᠤᠯᠪᠣᠭᠠᠯᠠᠨ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠪᠠᠷ ᠬᠦᠷᠴᠦ᠂ | ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ᠂ ᠵᠡᠮᠳᠡᠭ ᠡᠮᠡᠭᠲᠡᠶᠢᠴᠦᠳ ᠲᠤ ᠴᠢᠰᠤᠨ ᠳᠠᠷᠤᠯᠲᠠ ᠶᠢ | ᠬᠡᠮᠵᠢᠬᠦ᠂ ᠡᠮ ᠬᠡᠷᠡᠭᠯᠡᠬᠦ ᠵᠢᠯᠣᠭᠤᠳᠣᠯᠭ᠎ᠠ ᠵᠡᠷᠭᠡ ᠥᠪᠡᠷᠮᠢᠴᠡ ᠦᠢᠯᠡᠴᠢᠯᠡᠭᠡ ᠬᠠᠩᠭᠠᠪᠠ᠃ ᠡᠷᠡᠭᠦᠯ ᠮᠡᠨᠳᠦ ᠶᠢᠨ | ᠲᠠᠶᠢᠯᠤᠮᠵᠢ᠂ ᠬᠢᠲᠠᠳ ᠡᠮᠨᠡᠯᠭᠡ ᠶᠢᠨ ᠹᠢᠽᠢᠺ ᠵᠠᠰᠠᠯ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢᠨ | ᠬᠠᠮᠲᠤ ᠬᠦᠴᠢᠷᠳᠡᠯᠲᠡᠶ ᠡᠮᠡᠭᠲᠡᠶᠢᠴᠦᠳ ᠲᠤ ᠮᠢᠩᠭ᠎ᠠ ᠭᠠᠷᠤᠶ ︽ᠬᠠᠶᠢᠷ᠎ᠠ ᠬᠠᠯᠠᠮᠵᠢᠲᠤ ᠪᠣᠭᠴᠣ︾ ᠬᠠᠨᠳᠢᠪᠯᠠᠵᠤ᠂ | ᠬᠠᠶᠢᠷ᠎ᠠ ᠬᠠᠯᠠᠮᠵᠢ ᠶᠢ ᠳᠠᠮᠵᠢᠭᠤᠯᠪᠠ᠃ |