| ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠢᠯ | ᠡᠷᠢᠭᠰᠡᠳ ᠤᠨ ᠠᠵᠢᠯ ᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ 3 ᠰᠠᠷ᠎ᠠ ᠶᠢᠨ | 29 ᠤ ᠡᠳᠦᠷ᠂ ᠤᠯᠠᠭᠠᠨᠬᠤᠲᠠ ᠶᠢᠨ ᠲᠢᠶᠠᠨ ᠵᠢᠶᠤᠤ ᠵᠡᠭᠡᠯᠢ᠂ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠤᠯᠠᠭᠠᠨᠬᠤᠲᠠ ᠶᠢᠨ ᠬᠤᠷᠢᠶ᠎ᠠ ᠭᠠᠷ ᠬᠤᠯᠪᠣᠨ ᠠᠵᠢᠯ ᠦᠢᠯᠡᠰ ᠤᠨ ᠨᠢᠭᠡᠴᠢ ᠶᠢᠨ ᠬᠥᠮᠦᠨ ᠡᠯᠰᠡᠬᠦ ᠰᠢᠯᠭᠠᠯᠲᠠ ᠶᠢᠨ | ᠲᠠᠯᠠᠪᠤᠷ ᠠᠴᠠ ᠭᠠᠳᠠᠨ᠎ᠠ ᠲᠤᠬᠠᠶ ᠶᠢᠨ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠡᠷᠭᠢᠯᠡᠪᠡ᠃ | | | | | ᠤᠯᠠᠭᠠᠨᠬᠤᠲᠠ ᠶᠢᠨ ᠾᠧ ᠵᠠᠨ ᠪᠠᠭ᠎ᠠ ᠰᠤᠷᠭᠠᠭᠤᠯᠢ ᠶᠢᠨ ᠰᠢᠯᠭᠠᠯᠲᠠ ᠶᠢᠨ ᠴᠡᠭ ᠠᠴᠠ ᠭᠠᠳᠠᠨ᠎ᠠ᠂ ᠡᠯ᠎ᠡ | ᠠᠵᠤ ᠠᠬᠤᠶᠢᠯᠠᠯ ᠤᠨ ᠤᠬᠠᠭᠤᠯᠭ᠎ᠠ ᠶᠢᠨ ᠰᠠᠮᠪᠠᠷ᠎ᠠ ᠡᠮᠬᠢ ᠵᠢᠷᠤᠮ ᠲᠠᠢ ᠵᠢᠭᠰᠠᠵᠤ᠂ ᠠᠵᠢᠯᠲᠠᠨ ᠡᠯᠰᠡᠬᠦ ᠮᠡᠳᠡᠭᠡ | ᠵᠠᠩᠭᠢ ᠲᠣᠪ ᠲᠣᠳᠣᠷᠬᠠᠶ᠃ ᠤᠯᠠᠭᠠᠨ ᠤᠤᠵᠢ ᠡᠮᠦᠰᠦᠭᠰᠡᠨ ᠰᠠᠶᠢᠨ ᠳᠤᠷ᠎ᠠ ᠶᠢᠨ ᠦᠢᠯᠡᠴᠢᠯᠡᠭᠴᠢᠳ ᠬᠥᠮᠦᠰ ᠤᠨ | ᠳᠤᠮᠳᠠ ᠰᠦᠯᠵᠢᠯᠳᠦᠵᠦ᠂ ᠰᠢᠯᠭᠠᠯᠲᠠ ᠶᠢᠨ ᠲᠠᠯᠠᠪᠠᠢ ᠠᠴᠠ ᠭᠠᠷᠤᠭᠰᠠᠨ ᠰᠢᠯᠭᠠᠭᠤᠯᠤᠭᠴᠢ ᠳᠤ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ ᠶᠢᠨ ᠬᠠᠮᠲᠤ ᠡᠯ᠎ᠡ ᠠᠵᠢᠯ ᠤᠨ ᠪᠠᠶᠢᠷᠢ ᠶᠢᠨ ᠬᠥᠮᠦᠨ ᠬᠡᠷᠡᠭᠯᠡᠬᠦ ᠱᠠᠭᠠᠷᠳᠠᠯᠭ᠎ᠠ ᠶᠢ | ᠬᠦᠯᠢᠴᠡᠩᠭᠦᠢ ᠪᠠᠷ ᠨᠠᠷᠢᠨ ᠨᠢᠮᠪᠠᠢ ᠲᠠᠨᠢᠯᠴᠠᠭᠤᠯᠪᠠ᠃ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ | ᠲᠣᠭᠤᠷᠢᠭ ᠲᠤ᠂ ᠲᠤᠰᠬᠠᠶ ᠮᠡᠷᠭᠡᠵᠢᠯ ᠤᠨ ᠠᠵᠢᠯᠲᠠᠨ ᠰᠢᠯᠭᠠᠭᠤᠯᠤᠭᠰᠠᠳ ᠲᠤ ᠴᠢᠳᠠᠪᠤᠷᠢᠲᠠᠨ ᠤ ᠨᠥᠬᠦᠪᠥᠷᠢ ᠵᠡᠷᠭᠡ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠰᠢᠯᠭᠠᠭᠤᠯᠤᠭᠴᠢ ᠶᠢᠨ ᠠᠵᠢᠯ ᠮᠡᠷᠭᠡᠵᠢᠯ ᠤᠨ | ᠬᠥᠭᠵᠢᠯᠲᠡ ᠶᠢᠨ ᠴᠢᠭᠯᠡᠯ ᠢᠶᠠᠨ ᠨᠠᠩ ᠣᠨᠣᠪᠴᠢᠲᠠᠶ ᠲᠥᠯᠥᠪᠵᠢᠭᠦᠯᠬᠦ ᠳᠤ ᠬᠦᠴᠦᠨ ᠨᠡᠮᠡᠷᠢᠯᠡᠪᠡ᠃ | | | | | ︽ᠰᠢᠯᠭᠠᠯᠲᠠ ᠶᠢᠨ ᠲᠠᠯᠠᠪᠤᠷ ᠠᠴᠠ ᠭᠠᠷᠤᠮᠠᠭᠴᠠ ᠠᠵᠢᠯᠲᠠᠨ ᠡᠯᠰᠡᠬᠦ ᠴᠤᠭᠯᠠᠭᠠᠨ ᠢ ᠦᠵᠡᠭᠡᠳ ᠠᠵᠢᠯ ᠤᠨ | ᠪᠠᠶᠢᠷᠢ ᠶᠢᠨ ᠮᠡᠳᠡᠭᠡ ᠵᠠᠩᠭᠢ ᠶᠢ ᠨᠠᠷᠢᠨ ᠨᠢᠮᠪᠠᠶ ᠦᠵᠡᠵᠦ᠂ ᠵᠠᠷᠢᠮ ᠠᠵᠢᠯ ᠤᠨ ᠪᠠᠶᠢᠷᠢ ᠨᠢ ᠮᠢᠨᠤ ᠲᠤᠰᠬᠠᠶ | ᠮᠡᠷᠭᠡᠵᠢᠯ ᠲᠠᠢ ᠨᠡᠶᠢᠴᠡᠵᠦ᠂ ᠬᠥᠯᠦᠰᠦ ᠣᠯᠭᠤᠮᠵᠢ ᠨᠢ ᠴᠤ ᠵᠦᠭᠡᠷ᠂ ᠨᠠᠳᠠ ᠳᠤ ᠶᠡᠭᠡ ᠰᠠᠶᠢᠨ ᠰᠠᠨᠠᠭᠳᠠᠵᠤ ᠪᠠᠶᠢᠨ᠎ᠠ | ᠂ ᠮᠢᠨᠤ ᠠᠵᠢᠯ ᠡᠷᠢᠬᠦ ᠳᠤ ᠰᠢᠨ᠎ᠡ ᠰᠣᠩᠭᠤᠯᠲᠠ ᠬᠠᠩᠭᠠᠵᠠᠢ︾ ᠭᠡᠵᠦ ᠰᠢᠯᠭᠠᠭᠤᠯᠤᠭᠴᠢ ᠴᠢᠨ ᠶᠦᠩ ᠨᠢᠩ ᠬᠡᠯᠡᠪᠡ᠃ | | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ 46 ᠠᠵᠤ ᠠᠬᠤᠶᠢᠯᠠᠯ | ᠣᠷᠣᠯᠴᠠᠵᠤ᠂ ᠨᠡᠶᠢᠲᠡ 537 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ | ᠲᠠᠯᠠᠪᠠᠢ ᠳᠤ ᠤᠷᠤᠭᠰᠠᠨ ᠬᠥᠮᠦᠨ ᠤᠳᠠᠭ᠎ᠠ 300 ᠳᠤ ᠬᠦᠷᠴᠦ᠂ 11 ᠬᠥᠮᠦᠨ ᠠᠵᠤ ᠠᠬᠤᠶᠢᠯᠠᠯ ᠲᠠᠢ ᠠᠵᠢᠯ | ᠤᠯᠬᠤ ᠰᠠᠨᠠᠮᠵᠢ ᠲᠠᠢ ᠪᠣᠯᠪᠠ᠃ ᠲᠤᠬᠠᠶ ᠶᠢᠨ ᠲᠠᠯᠠᠪᠠᠶ ᠳᠤ ᠪᠠᠰᠠ ᠳᠤᠮᠳᠠ ᠵᠢᠵᠢᠭ ᠠᠵᠤ ᠠᠬᠤᠶᠢᠯᠠᠯ ᠤᠨ | ᠴᠢᠳᠠᠪᠤᠷᠢᠲᠠᠨ ᠤ ᠨᠥᠭᠡᠴᠡ᠂ ᠠᠵᠢᠯ ᠣᠯᠭᠤᠯᠲᠠ ᠶᠢᠨ ᠳᠠᠳᠤᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ 200 | ᠭᠠᠷᠤᠶ ᠬᠤᠪᠢ ᠲᠠᠷᠬᠠᠭᠠᠵᠤ᠂ ᠤᠯᠠᠮᠵᠢᠯᠠᠨ ᠲᠠᠷᠬᠠᠭᠠᠬᠤ ᠬᠡᠪᠴᠢᠶ᠎ᠡ ᠶᠢ ᠥᠷᠭᠡᠳᠭᠡᠪᠡ᠃ | | | | | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠰᠢᠯᠭᠠᠯᠲᠠ ᠳᠤ ᠣᠷᠤᠯᠴᠠᠬᠤ ᠪᠠ ᠠᠵᠢᠯ | ᠡᠷᠢᠬᠦ ᠶᠢᠨ ᠥᠨᠳᠥᠷ ᠪᠦᠲᠦᠮᠵᠢᠲᠡᠶ ᠵᠣᠯᠭᠠᠯᠴᠠᠭ᠎ᠠ ᠶᠢ ᠠᠬᠢᠭᠤᠯᠵᠤ᠂ ᠰᠢᠯᠭᠠᠭᠤᠯᠤᠭᠴᠢ ᠳᠤ ᠨᠠᠩ ᠣᠯᠠᠨ ᠠᠵᠢᠯ | ᠣᠯᠭᠤᠬᠤ ᠲᠣᠬᠢᠶᠠᠯ ᠬᠠᠩᠭᠠᠵᠤ᠂ ᠠᠵᠤ ᠠᠬᠤᠶᠢᠯᠠᠯ ᠪᠠ ᠴᠢᠳᠠᠪᠤᠷᠢᠲᠠᠨ ᠳᠤ ᠨᠠᠩ ᠥᠷᠭᠡᠨ ᠳᠡᠯᠭᠡᠷ ᠵᠣᠯᠭᠠᠯᠴᠠᠭ᠎ᠠ | ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠠᠵᠤ ᠠᠬᠤᠶᠢᠯᠠᠯ ᠤᠨ ︽ᠠᠵᠢᠯᠴᠢᠨ ᠡᠯᠰᠡᠬᠦ ᠳᠤ ᠬᠦᠴᠢᠷ︾ | ᠪᠠ ᠠᠵᠢᠯ ᠡᠷᠢᠭᠰᠡᠳ ᠤᠨ ︽ᠠᠵᠢᠯ ᠣᠯᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠳᠤ ᠬᠦᠴᠦᠨ | ᠨᠡᠮᠡᠷᠢᠯᠡᠬᠦ ᠶᠢᠨ ᠲᠥᠯᠥᠭᠡ ᠶᠤᠮ᠃ | ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠨ ᠳᠡᠳ᠋ ᠱᠦᠵᠢ ᠪᠠᠶ ᠯᠢ ᠫᠢᠩ᠂ ᠲᠠᠷᠠᠭᠠᠴᠢ ᠶᠢᠨ ᠠᠯᠬᠤᠮ ᠳᠤ᠂ | ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ | ᠠᠵᠢᠯᠲᠠᠨ ᠡᠯᠰᠡᠬᠦ ᠠᠷᠭ᠎ᠠ ᠵᠠᠮ ᠢᠶᠠᠨ ᠦᠷᠭᠦᠯᠵᠢᠯᠡᠨ ᠥᠷᠭᠡᠳᠬᠡᠵᠦ᠂ ᠨᠠᠩ ᠴᠢᠨᠠᠷ ᠰᠠᠶᠢᠲᠠᠶ᠂ ᠰᠡᠳᠬᠢᠯ ᠢ | ᠳᠤᠯᠠᠭᠠᠴᠠᠭᠤᠯᠬᠤ ᠠᠵᠢᠯᠲᠠᠨ ᠡᠯᠰᠡᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ ᠭᠡᠵᠦ ᠢᠯᠡᠳᠭᠡᠪᠡ᠃ | |