| ᠤᠶᠢᠷ᠎ᠠ ᠳᠤ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ | ᠬᠤᠷᠢᠶ᠎ᠠ ᠶᠢᠨ ᠱᠸᠡᠭᠯᠢ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠢᠨ ᠡᠷᠡᠬᠦᠯ ᠮᠡᠨᠳᠤ ᠶᠢᠨ ᠮᠡᠳᠡᠯᠬᠡ ᠶᠢ | ᠲᠦᠬᠡᠮᠡᠯᠵᠢᠬᠦᠯᠬᠦ ᠪᠦᠯᠬᠦᠮ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ | ᠬᠤᠷᠢᠶ᠎ᠠ ᠶᠢᠨ ᠲᠦᠷᠬᠡᠨ ᠡᠮᠨᠡᠯᠬᠡ ᠪᠤᠯᠤᠨ ᠬᠦᠨᠳᠤ ᠲᠦᠭᠰᠢᠬᠦᠷᠢᠳᠡᠢ ᠡᠪᠡᠳᠴᠢᠨ ᠤ ᠰᠠᠯᠠᠭ᠎ᠠ ᠶᠢᠨ ᠲᠡᠳ᠋ ᠡᠷᠬᠢᠯᠡᠭᠴᠢ | ᠡᠮᠴᠢ ᠶᠠᠩ ᠶᠸᠤ ᠭᠠᠩ ᠢ ᠤᠷᠢᠵᠦ᠂ ᠬᠠᠷᠢᠶᠠᠳᠤ ᠤᠷᠤᠨ ᠤ ᠪᠠᠭ᠎ᠠ ᠰᠤᠷᠭᠠᠭᠤᠯᠢ ᠳᠤ ᠬᠦᠷᠴᠦ᠂ ︽ᠵᠢᠷᠦᠬᠡ | ᠠᠭᠤᠰᠬᠢᠨ ᠤ ᠠᠵᠢᠯᠯᠠᠭ᠎ᠠ ᠶᠢ ᠰᠡᠷᠬᠦᠬᠡᠬᠦ ᠪᠠᠴᠢᠮ ᠠᠪᠦᠷᠠᠯᠳᠠ ᠶᠢᠨ ᠠᠷᠭ᠎ᠠ︾ ᠶᠢ ᠲᠦᠬᠡᠮᠡᠯᠵᠢᠬᠦᠯᠬᠦ ᠠᠵᠢᠯᠯᠠᠭ᠎ᠠ | ᠦᠷᠨᠢᠬᠦᠯᠵᠦ᠂ ᠰᠤᠷᠤᠬᠴᠢᠳ ᠲᠤ ᠠᠮᠢᠳᠤᠯᠢᠭ ᠪᠠᠴᠢᠮ ᠠᠪᠦᠷᠠᠯᠳᠠ ᠶᠢᠨ ᠮᠡᠳᠡᠯᠬᠡ ᠶᠢᠨ ᠬᠢᠴᠢᠶᠡᠯ ᠤᠷᠤᠬᠰᠠᠨ | ᠪᠠᠶᠢᠨ᠎ᠠ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠶᠠᠩ ᠶᠸᠤ ᠭᠠᠩ ᠡᠮᠴᠢ ᠬᠠᠮᠤᠭ ᠲᠦᠷᠦᠬᠦᠨ ᠳᠤ ᠵᠢᠷᠦᠬᠡ | ᠠᠭᠤᠰᠬᠢᠨ ᠤ ᠠᠵᠢᠯᠯᠠᠭ᠎ᠠ ᠶᠢ ᠰᠡᠷᠬᠦᠬᠡᠬᠦ ᠶᠢᠨ ᠤᠬᠠᠬᠳᠠᠬᠤᠨ ᠪᠠ ᠴᠢᠬᠤᠯᠠ ᠴᠢᠨᠠᠷ ᠢ ᠲᠠᠨᠢᠯᠴᠠᠭᠤᠯᠵᠦ᠂ ᠵᠢᠷᠦᠬᠡᠨ ᠤ | ᠯᠤᠬᠰᠢᠯᠳᠠ ᠬᠡᠨᠡᠳᠳᠡ ᠵᠤᠬᠰᠤᠬᠤ ᠪᠠᠶᠢᠳᠠᠯ ᠢ ᠡᠷᠳᠡ ᠢᠯᠭᠠᠨ ᠲᠠᠨᠢᠬᠤ᠂ ᠵᠢᠷᠦᠬᠡ ᠠᠭᠤᠰᠬᠢᠨ ᠤ ᠠᠵᠢᠯᠯᠠᠭ᠎ᠠ ᠶᠢ | ᠰᠡᠷᠬᠦᠬᠡᠬᠦ ᠪᠤᠳᠠᠳᠠᠢ ᠠᠯᠬᠤᠮ ᠲᠠᠷᠠᠭ᠎ᠠ ᠶᠢ ᠨᠠᠷᠢᠯᠢᠭ ᠲᠠᠶᠢᠯᠪᠦᠷᠢᠯᠠᠵᠦ᠂ ᠵᠢᠷᠦᠬᠡ ᠠᠭᠤᠰᠬᠢᠨ ᠤ ᠠᠵᠢᠯᠯᠠᠭ᠎ᠠ ᠶᠢ | ᠰᠡᠷᠬᠦᠬᠡᠬᠦ ᠵᠡᠷᠭᠡ ᠬᠠᠮᠢᠶ᠎ᠠ ᠪᠦᠬᠦᠢ ᠮᠡᠳᠡᠯᠬᠡ ᠶᠢ ᠪᠠᠭᠳᠠᠭᠠᠵᠠᠢ᠃ | ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ ᠰᠤᠷᠤᠬᠴᠢᠳ ᠤᠨ ᠪᠠᠴᠢᠮ ᠪᠠᠶᠢᠳᠠᠯ ᠢ ᠠᠷᠭᠠᠴᠠᠭᠠᠨ | ᠰᠶᠢᠳᠪᠦᠷᠢᠯᠡᠬᠦ ᠲᠠᠯ᠎ᠠ ᠪᠠᠷ ᠬᠢ ᠮᠡᠳᠡᠯᠬᠡ ᠶᠢᠨ ᠲᠤᠳᠠᠭᠤᠳᠠᠯ ᠢ ᠨᠦᠬᠦᠪᠦᠷᠢᠯᠡᠵᠦ᠂ ᠰᠤᠷᠤᠬᠴᠢᠳ ᠤᠨ ᠬᠡᠨᠡᠳᠳᠡ ᠶᠢᠨ | ᠪᠠᠶᠢᠳᠠᠯ ᠳᠤ ᠲᠤᠯᠭᠠᠷᠠᠪᠠᠯ ᠬᠡᠷᠬᠢᠨ ᠦᠪᠡᠷ ᠢ ᠪᠠᠨ ᠠᠪᠦᠷᠠᠬᠤ ᠪᠠ ᠪᠤᠰᠤᠳ ᠢ ᠠᠪᠦᠷᠠᠬᠤ ᠴᠢᠳᠠᠪᠦᠷᠢ ᠶᠢ | ᠲᠡᠭᠡᠭᠰᠢᠯᠡᠬᠦᠯᠵᠡᠢ᠃ ᠪᠠᠰᠠ ᠰᠤᠷᠭᠠᠭᠤᠯᠢ ᠶᠢᠨ ᠬᠦᠷᠢᠶᠡᠨ ᠤ ᠠᠮᠢ ᠨᠠᠰᠦ ᠶᠢ ᠲᠡᠭᠡᠳᠦᠯᠡᠬᠦ ᠠᠮᠦᠷ ᠲᠦᠪᠰᠢᠨ ᠤ | ᠰᠢᠯᠢᠳᠡᠭ ᠠᠭᠤᠷ ᠠᠮᠢᠰᠬᠤᠯ ᠢ ᠪᠦᠷᠢᠯᠳᠦᠬᠦᠯᠵᠦ᠂ ᠪᠦᠬᠦ ᠨᠡᠶᠢᠬᠡᠮ ᠳᠤ ᠪᠠᠴᠢᠮ ᠠᠪᠦᠷᠠᠬᠤ ᠮᠡᠳᠡᠯᠬᠡ ᠶᠢ | ᠲᠦᠬᠡᠮᠡᠯᠵᠢᠬᠦᠯᠬᠦ ᠶᠢ ᠠᠬᠢᠭᠤᠯᠵᠠᠢ᠃ ᠠᠷᠢᠭᠤᠨ ᠮᠡᠳᠡᠬᠡᠯᠡᠪᠡ |