ᠨᠠᠷᠢᠯᠢᠭ ᠣᠨᠣᠴᠠᠲᠠᠶ ᠦᠢᠯᠡᠴᠢᠯᠡᠭᠡ ᠪᠠᠷ ᠠᠷᠠᠳ ᠣᠯᠠᠨ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2025/4/1
        ᠦᠨᠳᠦᠰᠦᠨ ᠱᠠᠲᠤᠨ ᠤ ᠵᠠᠰᠠᠯᠲᠠ ᠶᠢᠨ ᠨᠠᠷᠢᠯᠢᠭᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ 2025 ᠣᠨ ᠤ 3 ᠰᠠᠷ᠎ᠠ ᠶᠢᠨ 31 ᠤ ᠡᠳᠦᠷ᠂ ᠤᠯᠠᠭᠠᠨᠬᠤᠲᠠ ᠶᠢᠨ ᠰᠠᠶᠢᠬᠠᠨ ᠨᠡᠶᠢᠭᠡᠮ ᠲᠣᠭᠤᠷᠢᠭ ︽ᠲᠠᠪᠤᠨ ᠨᠢᠭᠡ︾ ᠶᠢᠨ ᠠᠵᠢᠯ ᠤᠨ ᠠᠷᠭ᠎ᠠ ᠶᠢᠨ ᠲᠣᠭᠤᠷᠢᠨ ᠳᠤ᠂ ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠵᠦ᠂ ᠰᠠᠭᠤᠭᠠᠯᠢ ᠠᠷᠠᠳ ᠲᠤ ᠬᠥᠳᠡᠯᠦᠩᠭᠦᠶ ᠰᠢᠨᠡᠴᠢᠯᠡᠯᠲᠡ ᠶᠢ ᠡᠵᠡᠮᠰᠢᠭᠦᠯᠬᠦ ᠶᠢᠨ ᠲᠥᠯᠥᠭᠡ᠂ ᠰᠠᠶᠢᠬᠠᠨ ᠨᠡᠶᠢᠭᠡᠮ ᠲᠣᠭᠤᠷᠢᠭ ᠤᠨ ᠠᠵᠢᠯᠲᠠᠳ ᠡᠷᠦᠭᠡ ᠶᠢᠨ ᠺᠠᠷᠲ ᠪᠤᠶᠤ ᠡᠯᠧᠺᠲᠷᠣᠨ ᠡᠷᠦᠬᠡ ᠶᠢᠨ ᠺᠠᠷᠲ ᠠᠪᠴᠤ᠂ ᠡᠷᠦᠬᠡ ᠳᠠᠷᠠᠭᠠᠯᠠᠨ ᠮᠡᠳᠡᠭᠡ ᠵᠠᠩᠭᠢ ᠴᠤᠭᠯᠠᠭᠤᠯᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠬᠤᠤᠰ ᠵᠠᠮ ᠤᠨ ᠵᠡᠷᠭᠡᠴᠡᠭᠡ ᠵᠠᠭᠪᠤᠷ ᠢᠶᠠᠷ ᠳᠠᠮᠵᠢᠨ᠂ ᠬᠥᠳᠡᠯᠦᠩᠭᠦᠶ ᠪᠠᠷ ᠰᠢᠨᠡᠳᠬᠡᠭᠰᠡᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠪᠠ᠃
1.jpg
        ᠡᠷᠦᠬᠡ ᠪᠠᠷ ᠬᠦᠷᠬᠦ ᠶᠠᠪᠤᠴᠠ ᠳᠤ᠂ ᠨᠡᠶᠢᠭᠡᠮ ᠲᠣᠭᠤᠷᠢᠭ ᠤᠨ ᠠᠵᠢᠯᠲᠠᠳ ︽ᠭᠤᠷᠪᠠ ᠶᠢ ᠠᠰᠠᠭᠤᠵᠤ ᠭᠤᠷᠪᠠ ᠶᠢ ᠬᠠᠷᠭᠤᠭᠤᠯᠬᠤ︾ ᠠᠵᠢᠯ ᠤᠨ ᠠᠷᠭ᠎ᠠ ᠶᠢ ᠠᠪᠴᠠᠢ᠄ ᠨᠢᠭᠡ ᠳᠤ᠂ ᠬᠡᠷ ᠪᠦᠯᠢ ᠶᠢᠨ ᠪᠦᠲᠦᠴᠡ ᠶᠢᠨ ᠬᠤᠪᠢᠷᠠᠯᠲᠠ ᠶᠢ ᠠᠰᠠᠭᠤᠵᠤ᠂ ᠣᠲᠣ ᠶᠢᠨ ᠰᠠᠭᠤᠭ᠎ᠠ ᠬᠥᠮᠦᠨ ᠠᠮᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠪᠠ᠃ ᠬᠤᠶᠠᠷ ᠲᠤ᠂ ᠡᠷᠡᠭᠦᠯ ᠮᠡᠨᠳᠦ ᠶᠢᠨ ᠪᠠᠶᠢᠳᠠᠯ ᠢ ᠠᠰᠠᠭᠤᠵᠤ᠂ ᠣᠨᠴᠠᠭᠠᠶ ᠬᠥᠮᠦᠰ ᠤᠨ ᠲᠠᠩᠰᠠ ᠡᠪᠬᠡᠮᠡᠯ ᠢ ᠰᠢᠨᠡᠳᠬᠡᠪᠡ᠃ ᠭᠤᠷᠪᠠ ᠳᠤ᠂ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠪᠦᠬᠦᠯᠢ 60 ᠨᠠᠰᠤᠨ ᠠᠴᠠ ᠳᠡᠭᠡᠭᠰᠢᠬᠢ ᠭᠠᠭᠴᠠᠭᠠᠷ ᠰᠠᠭᠤᠭ᠎ᠠ᠂ ᠥᠨᠳᠥᠷ ᠨᠠᠰᠤᠲᠠᠶ ᠨᠠᠰᠤᠲᠠᠶᠢᠴᠤᠳ ᠤᠨ ᠬᠡᠷᠡᠭᠴᠡᠭᠡ ᠲᠠᠢ ᠦᠢᠯᠡᠴᠢᠯᠡᠭᠡᠨ ᠤ ᠲᠥᠷᠥᠯ ᠵᠦᠢᠯ ᠢ ᠴᠤᠭᠯᠠᠭᠤᠯᠪᠡ᠃ ᠭᠠᠭᠴᠠᠭᠠᠷ ᠰᠠᠭᠤᠭ᠎ᠠ ᠨᠠᠰᠤᠲᠠᠨ᠂ ᠵᠡᠮᠳᠡᠭ ᠬᠥᠮᠦᠰ ᠵᠡᠷᠭᠡ ᠣᠨᠴᠠᠭᠠᠶ ᠬᠥᠮᠦᠰ ᠲᠤ ᠴᠢᠭᠯᠡᠭᠦᠯᠦᠨ ᠡᠬᠡ ᠲᠠᠩᠰᠠ ᠶᠢ ᠥᠭᠡᠷᠡᠴᠢᠯᠡᠨ ᠲᠡᠭᠦᠯᠳᠡᠷᠵᠢᠭᠦᠯᠪᠡ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠠᠰᠠᠷ ᠤᠨ ᠬᠤᠩᠭᠢᠯ ᠳᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠠᠮᠤᠷ ᠲᠦᠪᠰᠢᠨ ᠢᠶᠠᠷ ᠨᠡᠪᠲᠡᠷᠡᠬᠦ ᠵᠠᠮ ᠢ ᠡᠵᠡᠯᠡᠨ ᠬᠡᠷᠡᠭᠯᠡᠭᠰᠡᠨ ᠰᠠᠭᠤᠭᠠᠯᠢ ᠠᠷᠠᠳ ᠢ ᠢᠳᠬᠠᠨ ᠰᠠᠨᠠᠭᠤᠯᠪᠠ᠃
2.jpg3.jpg
        ᠡᠷᠦᠬᠡ ᠶᠢᠨ ᠺᠠᠷᠲ ᠢ ᠪᠠᠶᠢᠩᠭᠤᠵᠢᠭᠤᠯᠤᠨ ᠰᠢᠨᠡᠳᠬᠡᠬᠦ ᠪᠣᠯ ᠣᠶᠤᠨᠴᠢ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠰᠠᠭᠤᠷᠢ ᠮᠥᠨ᠃ ᠨᠠᠷᠢᠯᠢᠭ ᠣᠨᠣᠴᠠᠲᠠᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠨᠢ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠨᠠᠷᠢᠯᠢᠭ ᠣᠨᠣᠴᠠᠲᠠᠶ ᠲᠡᠶᠢᠰᠢ ᠬᠤᠪᠢᠷᠠᠭᠤᠯᠵᠤ᠂ ᠰᠠᠭᠤᠭᠠᠯᠢ ᠠᠷᠠᠳ ᠤᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠨ ᠲᠥᠷᠥ ᠶᠢᠨ ᠪᠣᠳᠣᠯᠭ᠎ᠠ ᠬᠦᠷᠭᠡᠬᠦ ᠶᠢ ᠪᠡᠶᠡᠯᠡᠭᠦᠯᠵᠦ᠂ ᠬᠥᠳᠡᠯᠦᠩᠭᠦᠶ ᠪᠠᠷ ᠰᠢᠨᠡᠳᠭᠡᠭᠰᠡᠨ ᠡᠷᠦᠬᠡ ᠶᠢᠨ ᠺᠠᠷᠲ ᠤᠨ ᠮᠡᠳᠡᠭᠡ ᠵᠠᠩᠭᠢ ᠨᠢ ᠨᠡᠶᠢᠭᠡᠮ ᠲᠣᠭᠤᠷᠢᠭ ᠤᠨ ᠵᠠᠰᠠᠯᠲᠠ ᠶᠢᠨ ︽ᠠᠮᠢᠳᠤ ᠭᠠᠵᠠᠷ ᠤᠨ ᠵᠢᠷᠤᠭ︾ ᠲᠠᠢ ᠠᠳᠠᠯᠢ ᠪᠠᠷ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠪᠥᠬᠦ ᠲᠠᠯ᠎ᠠ ᠪᠠᠷ ᠬᠠᠮᠤᠷᠤᠭᠤᠯᠬᠤ ᠪᠣᠯᠤᠨ᠎ᠠ᠃   
 
ᠢᠷᠡᠯᠲᠡ᠄ ᠳᠡᠭᠦᠯᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号