| | ᠪᠣᠬᠢᠷᠲᠤᠯ ᠦᠭᠡᠢ ᠪᠣᠯᠪᠠᠰᠤᠨ ᠲᠠᠬᠢᠯᠭ᠎ᠠ ᠶᠢᠨ ᠬᠡᠪ ᠰᠤᠷᠲᠠᠯ ᠢ ᠰᠠᠨᠠᠭᠠᠴᠢᠯᠠᠵᠤ᠂ ᠬᠠᠩᠰᠢ ᠶᠢᠨ ᠡᠳᠦᠷ ᠤᠨ | ᠬᠤᠭᠤᠴᠠᠭᠠᠨ ᠳᠠᠬᠢ ᠤᠢ ᠰᠢᠭᠤᠢ ᠶᠢᠨ ᠭᠠᠯ ᠲᠦᠢᠮᠡᠷ ᠤᠨ ᠭᠠᠮᠰᠢᠭ ᠤᠨ ᠭᠡᠮ ᠰᠣᠭᠤᠭ ᠢ ᠰᠡᠷᠭᠡᠶᠢᠯᠡᠬᠦ ᠶᠢᠨ | ᠲᠥᠯᠥᠭᠡ᠂ ᠤᠢᠢᠷ᠎ᠠ ᠶᠢᠨ ᠡᠳᠦᠷ᠂ ᠤᠯᠠᠭᠠᠨᠬᠤᠲᠠ ᠶᠢᠨ ᠬᠤᠳᠠ ᠶᠢᠨ ᠲᠡᠭᠦᠷᠭᠡ ᠵᠡᠭᠡᠯᠢ ᠶᠢᠨ ᠬᠢᠨ ᠬᠠᠷᠢᠶ᠎ᠠ | ᠣᠷᠣᠨ ᠤ ᠪᠠᠨ ᠨᠤᠲᠤᠭ ᠪᠡᠯᠴᠢᠭᠡᠷ ᠤᠨ ᠬᠠᠮᠠᠭᠠᠯᠠᠭᠴᠢ ᠰᠠᠶᠢᠨ ᠳᠤᠷ᠎ᠠ ᠶᠢᠨ ᠦᠢᠯᠡᠴᠢᠯᠡᠭᠴᠢ ᠶᠢ ᠵᠣᠬᠢᠶᠠᠨ | ᠪᠠᠶᠢᠭᠤᠯᠵᠤ ᠭᠤᠣᠯᠳᠠᠯᠭ᠎ᠠ ᠲᠠᠢ ᠵᠠᠮ ᠤᠨ ᠠᠭᠤᠯᠵᠠᠷ ᠲᠤ ᠵᠢᠵᠢᠭᠦᠷᠯᠡᠨ ᠰᠠᠬᠢᠬᠤ ᠵᠢᠴᠢ ᠭᠠᠯ ᠢ ᠰᠡᠷᠭᠡᠶᠢᠯᠡᠬᠦ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠤ ᠠᠮᠤᠷ ᠲᠦᠪᠰᠢᠨ᠂ ᠣᠷᠴᠢᠨ ᠲᠣᠭᠤᠷᠢᠨ ᠢ | ᠬᠠᠮᠠᠭᠠᠯᠠᠬᠤ ᠠᠷᠭ᠎ᠠ ᠬᠡᠯᠪᠡᠷᠢ ᠪᠠᠷ ᠳᠠᠬᠢᠬᠤ ᠶᠢ ᠬᠦᠳᠦᠯᠦᠨ ᠵᠢᠯᠣᠭᠤᠳᠴᠠᠢ᠃ | | | | | ᠪᠣᠯᠪᠠᠰᠤᠨ ᠢᠶᠠᠷ ᠲᠠᠬᠢᠯᠭ᠎ᠠ ᠬᠢᠵᠦ ᠰᠠᠶᠢᠨ ᠳᠤᠷ᠎ᠠ ᠠᠴᠠ ᠪᠠᠨ ᠵᠢᠵᠢᠭᠦᠷᠯᠡᠨ ᠰᠠᠬᠢᠵᠤ᠂ ᠭᠠᠯ ᠤᠨ ᠡᠬᠢ | ᠰᠤᠷᠪᠤᠯᠵᠢ ᠠᠭᠤᠯᠠᠨ ᠳᠤ ᠣᠷᠣᠬᠤ ᠶᠢ ᠴᠢᠩᠭ᠎ᠠ ᠰᠡᠷᠭᠡᠶᠢᠯᠡᠪᠡ᠃ ᠬᠠᠩᠰᠢ ᠶᠢᠨ ᠡᠳᠦᠷ ᠠᠴᠠ ᠡᠮᠦᠨ᠎ᠡ᠂ ᠬᠤᠲᠠ ᠶᠢᠨ | ᠲᠡᠭᠦᠷᠭᠡ ᠶᠢᠨ ᠵᠡᠭᠡᠯᠢ ᠶᠢᠨ ᠬᠢᠨ ᠠᠭᠤᠯᠠᠨ ᠳᠤ ᠭᠠᠷᠴᠤ ᠲᠠᠬᠢᠯᠭ᠎ᠠ ᠬᠢᠬᠦ 14 ᠭᠤᠣᠯ ᠪᠣᠯᠬᠤ ᠵᠠᠮ ᠤᠨ | ᠠᠭᠤᠯᠵᠠᠷ ᠲᠤ ᠪᠣᠯᠪᠠᠰᠤᠨ ᠲᠠᠬᠢᠯᠭ᠎ᠠ ᠶᠢᠨ ᠢᠳᠬᠠᠨ ᠰᠤᠷᠭᠠᠬᠤ ᠴᠡᠭ ᠭᠠᠷᠭᠠᠵᠤ᠂ ᠡᠳᠦᠷ ᠪᠦᠷᠢ 40 ᠭᠠᠷᠤᠢ | ᠰᠠᠶᠢᠨ ᠳᠤᠷ᠎ᠠ ᠶᠢᠨ ᠦᠢᠯᠡᠴᠢᠯᠡᠭᠴᠢ ᠶᠢ ᠡᠭᠡᠯᠵᠢᠯᠡᠨ ᠵᠢᠵᠢᠭᠦᠷᠯᠡᠭᠦᠯᠵᠦ᠂ ᠴᠠᠭᠠᠰᠤᠨ ᠵᠣᠭᠤᠰ᠂ ᠬᠦᠵᠢ ᠵᠤᠯᠠ ᠵᠡᠷᠭᠡ | ᠨᠣᠴᠣᠮᠠᠲᠠᠭᠠᠢ ᠪᠣᠳᠠᠰ ᠠᠪᠴᠤ ᠪᠠᠶᠢᠭ᠎ᠠ ᠤᠯᠠᠨ ᠲᠦᠮᠡᠨ ᠢ ᠢᠳᠬᠠᠨ ᠬᠤᠷᠢᠭᠯᠠᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠠᠬᠢᠯᠭ᠎ᠠ ᠶᠢ ᠰᠠᠨᠠᠭᠠᠴᠢᠯᠠᠪᠠ᠃ ︽ᠪᠢᠳᠡ ᠬᠠᠷᠢᠶ᠎ᠠ ᠣᠷᠣᠨ ᠤ ᠪᠠᠨ ᠲᠠᠬᠢᠯᠭ᠎ᠠ ᠶᠢᠨ ᠱᠤᠭᠤᠮ ᠢ | ᠤᠷᠢᠳᠴᠢᠯᠠᠨ ᠪᠠᠶᠢᠴᠠᠭᠠᠵᠤ᠂ ᠥᠷᠯᠥᠭᠡ ᠡᠷᠲᠡ ᠶᠢᠨ ᠪᠠ ᠣᠷᠣᠶ ᠶᠢᠨ ᠴᠠᠭ ᠤᠨ ᠲᠣᠭᠤᠷᠢᠨ ᠪᠠᠶᠢᠴᠠᠭᠠᠬᠤ | ᠡᠷᠴᠢᠮ ᠢᠶᠠᠨ ᠭᠤᠤᠯᠳᠠᠯᠭ᠎ᠠ ᠲᠠᠢ ᠴᠢᠩᠭᠠᠷᠠᠭᠤᠯᠪᠠ︾ ᠭᠡᠵᠦ ᠵᠡᠭᠡᠯᠢ ᠶᠢᠨ ᠵᠡᠪᠰᠡᠭᠲᠦ ᠬᠦᠴᠦᠨ ᠤ ᠬᠡᠯᠲᠡᠰ ᠤᠨ | ᠳᠠᠷᠤᠭ᠎ᠠ ᠵᠧᠦ ᠸᠧᠨ ᠲᠠᠨᠢᠯᠴᠠᠭᠤᠯᠪᠠ᠃ | | | | | ᠣᠯᠠᠨ ᠲᠠᠯ᠎ᠠ ᠪᠠᠷ ᠤᠬᠠᠭᠤᠯᠭ᠎ᠠ ᠬᠢᠵᠦ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠪᠠ᠃ ᠠᠭᠤᠯᠠᠨ ᠳᠤ | ᠣᠷᠤᠬᠤ ᠵᠠᠮ ᠠᠭᠤᠯᠵᠠᠷ ᠲᠤ ᠵᠢᠵᠢᠭᠦᠷᠯᠡᠨ ᠰᠠᠬᠢᠬᠤ ᠠᠴᠠ ᠭᠠᠳᠠᠨ᠎ᠠ᠂ ᠵᠡᠭᠡᠯᠢ ᠶᠢᠨ ᠬᠢᠨ ᠪᠠᠰᠠ ᠸᠢᠴᠠᠲ ᠤᠨ | ᠬᠤᠯᠪᠤᠭ᠎ᠠ ᠪᠠᠷ ᠡᠯᠧᠺᠲᠷᠣᠨ ᠰᠠᠨᠠᠭᠠᠴᠢᠯᠠᠭ᠎ᠠ ᠶᠢᠨ ᠪᠢᠴᠢᠭ ᠬᠦᠷᠭᠡᠬᠦ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ | ᠡᠯᠭᠦᠬᠦ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ᠭᠠᠯ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠡᠶ᠃ | ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠲᠤ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ | ᠬᠠᠭᠤᠳᠠᠰᠤ ᠲᠠᠷᠬᠠᠭᠠᠵᠤ᠂ ᠰᠦᠯᠵᠢᠶᠡᠨ ᠤ ᠲᠠᠬᠢᠯᠭ᠎ᠠ᠂ ᠰᠣᠷᠭᠤᠭ ᠴᠡᠴᠡᠭ ᠤᠨ ᠲᠠᠬᠢᠯᠭ᠎ᠠ ᠵᠡᠷᠭᠡ ᠰᠢᠨ᠎ᠡ | ᠬᠡᠯᠪᠡᠷᠢ ᠶᠢᠨ ᠲᠠᠬᠢᠯᠭ᠎ᠠ ᠶᠢᠨ ᠠᠷᠭ᠎ᠠ ᠮᠠᠶ᠋ᠢᠭ ᠢ ᠳᠡᠯᠭᠡᠷᠡᠭᠦᠯᠵᠡᠢ᠃ ᠡᠭᠦᠨ ᠤ ᠬᠠᠮᠲᠤ᠂ ᠬᠤᠲᠠ ᠶᠢᠨ ᠲᠡᠭᠦᠷᠭᠡ ᠵᠡᠭᠡᠯᠢ | ᠶᠢᠨ ᠬᠢᠨ ᠨᠠᠩ ᠣᠯᠠᠨ ᠬᠥᠮᠦᠰ ᠰᠠᠶᠢᠨ ᠳᠤᠷ᠎ᠠ ᠶᠢᠨ ᠡᠩᠨᠡᠭᠡ ᠳᠤ ᠣᠷᠣᠯᠴᠠᠵᠤ᠂ ᠪᠣᠯᠪᠠᠰᠤᠨ ᠲᠠᠬᠢᠯᠭ᠎ᠠ ᠳᠤ ᠪᠥᠬᠦ | ᠠᠷᠠᠳ ᠢᠶᠠᠷ ᠢᠶᠠᠨ ᠣᠷᠣᠯᠴᠠᠵᠤ᠂ ᠪᠣᠬᠢᠷᠲᠤᠯ ᠥᠬᠡᠶ ᠬᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠶ᠎ᠠ ᠭᠡᠮᠡᠨ | ᠤᠷᠢᠶᠠᠯᠠᠪᠠ᠃ | | | | | ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ | ᠴᠢᠩᠭᠠᠷᠠᠭᠤᠯᠪᠠ᠃ ᠬᠤᠲᠠ ᠶᠢᠨ ᠲᠡᠭᠦᠷᠭᠡ ᠵᠡᠭᠡᠯᠢ ᠶᠢᠨ ᠬᠢᠨ ᠦᠯᠡᠳᠡᠨ ᠰᠠᠬᠢᠬᠤ ᠭᠠᠵᠠᠷ᠂ ᠠᠷᠠᠴᠢᠯᠠᠨ ᠲᠡᠵᠢᠭᠡᠬᠦ | ᠲᠠᠯᠠᠪᠠᠶ᠂ ᠬᠤᠲᠠ ᠶᠢᠨ ᠲᠡᠭᠦᠷᠭᠡ ᠵᠡᠭᠡᠯᠢ ᠶᠢᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠵᠡᠷᠭᠡ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠰᠠᠯᠬᠢᠨ ᠬᠦᠴᠦᠨ ᠤ ᠭᠠᠯ ᠰᠡᠷᠭᠡᠶᠢᠯᠡᠵᠦ | ᠤᠨᠲᠠᠷᠠᠭᠠᠬᠤ ᠪᠠᠭᠠᠵᠢ ᠬᠡᠷᠡᠭᠰᠡᠯ᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠬᠠᠮᠠᠭᠠᠯᠠᠬᠤ ᠵᠡᠷᠭᠡ | ᠲᠥᠬᠦᠭᠡᠷᠦᠮᠵᠢ ᠶᠢ ᠲᠣᠬᠢᠷᠠᠭᠤᠯᠤᠨ᠂ ᠭᠠᠯ ᠤᠨ ᠪᠠᠶᠢᠳᠠᠯ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠦᠨᠡᠨ | ᠬᠦ ᠪᠠᠲᠤᠯᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠬᠠᠩᠰᠢ ᠶᠢᠨ ᠡᠳᠦᠷ ᠤᠨ ᠳᠠᠷᠠᠭ᠎ᠠ | ᠪᠣᠯᠲᠠᠯ᠎ᠠ ᠦᠷᠭᠦᠯᠵᠢᠯᠡᠵᠦ᠂ ᠲᠠᠬᠢᠯᠭ᠎ᠠ ᠶᠢᠨ ᠠᠮᠤᠷ ᠲᠦᠪᠰᠢᠨ ᠬᠢᠭᠡᠳ ᠣᠶ ᠰᠢᠭᠤᠶ ᠨᠤᠲᠤᠭ ᠪᠡᠯᠴᠢᠭᠡᠷ ᠤᠨ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠪᠣᠯᠤᠨ᠎ᠠ᠃ | |