| — ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠰᠤᠷᠤᠯᠴᠠᠯᠭ᠎ᠠ ᠬᠥᠮᠦᠵᠢᠯ ᠢ ᠭᠦᠨᠵᠡᠭᠡᠶ | ᠥᠷᠨᠢᠭᠦᠯᠵᠤ ᠪᠠᠶᠢᠭ᠎ᠠ ᠳᠤᠬᠠᠢ ᠳᠡᠮᠳᠡᠭᠯᠡᠯ | ᠣᠶᠢᠷ᠎ᠠ ᠶᠢᠨ ᠡᠳᠦᠷ ᠤᠳ ᠲᠤ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ︽ᠬᠤᠶᠠᠷ ᠢ | ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ | ᠢ ᠲᠠᠰᠤᠷᠠᠯᠲᠠ ᠥᠬᠡᠶ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠦᠨ᠂ ᠲᠥᠪ ᠤᠨ ᠨᠠᠢᠮᠠᠨ ᠲᠣᠭᠲᠠᠭᠠᠯ ᠢ ᠭᠦᠨᠵᠡᠭᠡᠶ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠳᠤᠯᠤᠨ ᠰᠦᠪᠡᠭᠴᠢᠯᠡᠬᠦ ᠪᠠ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠡᠮᠬᠢ ᠵᠢᠷᠤᠮ ᠲᠠᠢ | ᠪᠥᠭᠡᠳ ᠪᠦᠲᠦᠮᠵᠢᠲᠡᠶ ᠥᠷᠨᠢᠭᠦᠯᠭᠦ ᠶᠢ ᠠᠬᠢᠭᠤᠯᠪᠠ᠃ | ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠬᠡᠷ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ | ᠬᠥᠳᠡᠯᠦᠯᠴᠡᠵᠦ᠂ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠨ᠂ ᠣᠨᠣᠯ ᠤᠨ ᠰᠤᠷᠤᠯᠴᠠᠯᠭ᠎ᠠ ᠶᠢ ᠭᠦᠨᠵᠡᠭᠡᠶ | ᠬᠢᠬᠦ᠂ ᠠᠰᠠᠭᠤᠳᠠᠯ ᠢ ᠪᠣᠳᠠᠲᠠᠶ ᠪᠠᠷ ᠪᠠᠶᠢᠴᠠᠭᠠᠨ ᠢᠯᠠᠷᠠᠭᠦᠯᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠳᠠᠯᠠᠬᠤ | ᠪᠠ ︽ᠭᠤᠷᠪᠠᠨ ᠦᠢᠯᠡᠴᠢᠯᠡᠭᠡ︾ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠶᠢ ᠬᠠᠷᠢᠯᠴᠠᠨ ᠨᠡᠪᠲᠡᠷᠡᠭᠦᠯᠵᠦ᠂ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ | ᠡᠮᠬᠢ ᠵᠢᠷᠤᠮ ᠲᠠᠢ ᠥᠷᠨᠢᠭᠦᠯᠬᠦ ᠶᠢ ᠳᠥᠯᠭᠢᠨ ᠠᠬᠢᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠲᠡᠷᠡ ᠳᠠᠷᠤᠶ ᠳᠤᠨᠢ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ | ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠨ᠂ ᠲᠣᠭᠲᠠᠭᠠᠭᠰᠠᠨ ᠠᠭᠤᠯᠭ᠎ᠠ ᠶᠢ ᠵᠤᠷᠪᠤᠰ ᠳᠠᠷᠠᠭᠠᠯᠠᠨ | ᠰᠤᠷᠤᠯᠴᠠᠵᠤ᠂ ᠰᠤᠷᠤᠯᠴᠠᠯᠭ᠎ᠠ ᠶᠢᠨ ᠳᠤᠮᠳᠠ ᠪᠠᠨ ᠵᠥᠷᠢᠶ᠎ᠡ ᠪᠠᠨ ᠡᠷᠢᠵᠦ᠂ ᠶᠠᠰᠤ ᠴᠢᠨᠠᠷ ᠦᠷ᠎ᠡ ᠪᠦᠲᠦᠮᠵᠢ ᠪᠠᠨ | ᠳᠡᠭᠡᠭᠰᠢᠯᠡᠭᠦᠯᠪᠡ᠃ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ︽ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ︾ | ᠶᠢ ᠡᠳᠦᠷ ᠲᠤᠲᠤᠮ ᠤᠨ ᠠᠵᠢᠯ ᠳᠠᠭᠠᠨ ᠠᠭᠤᠰᠬᠠᠨ᠂ ᠪᠠᠶᠢᠩᠭᠤ ᠠᠳᠬᠤᠵᠤ᠂ ᠡᠯ᠎ᠡ ᠲᠥᠷᠥᠯ ᠤᠨ ᠪᠠᠶᠢᠴᠠᠭᠠᠬᠤ | ᠠᠵᠢᠯ ᠢ ᠴᠢᠨᠠᠷ ᠰᠠᠶᠢᠲᠠᠶ ᠦᠷ᠎ᠡ ᠪᠦᠲᠦᠮᠵᠢ ᠲᠠᠢ ᠰᠠᠶᠢᠲᠤᠷ ᠬᠢᠬᠦ ᠲᠠᠢ ᠤᠶᠠᠯᠳᠤᠭᠤᠯᠤᠨ᠂ ᠶᠡᠭᠡ ᠲᠠᠯ᠎ᠠ ᠳᠤ | ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ | ᠴᠢᠩᠭᠠᠳᠬᠠᠬᠤ ᠵᠡᠷᠭᠡ ᠠᠵᠢᠯ ᠤᠨ ᠳᠤᠮᠳᠠ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠬᠢᠩᠭᠠᠨ ᠠᠳᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠨᠠᠮ ᠤᠨ ᠬᠤᠷᠢᠶ᠎ᠠ ᠠᠵᠢᠯ ᠤᠨ ᠲᠤᠰᠬᠠᠢ ᠠᠩᠬᠢ ᠪᠠᠶᠢᠭᠤᠯᠵᠤ | ᠂ ᠡᠭᠦᠷᠭᠡ ᠶᠢᠨ ᠨᠠᠷᠢᠨ ᠳᠠᠩᠰᠠ ᠶᠢ ᠲᠣᠭᠲᠠᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠤᠨ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ᠃ ᠠᠶᠢᠮᠠᠭ ᠤᠨ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠨᠠᠮ ᠤᠨ ᠬᠤᠷᠢᠶ᠎ᠠ ᠰᠤᠷᠤᠯᠴᠠᠯᠭ᠎ᠠ ᠬᠥᠮᠦᠵᠢᠯ ᠢ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠥᠭᠵᠢᠯᠲᠡ ᠲᠠᠢ ᠭᠦᠨᠵᠡᠭᠡᠶ ᠠᠭᠤᠰᠤᠯᠴᠠᠭᠤᠯᠤᠨ᠂ ᠰᠤᠷᠤᠯᠴᠠᠵᠤ ᠰᠤᠳᠤᠯᠤᠨ ᠶᠠᠷᠢᠯᠴᠠᠬᠤ᠂ | ᠠᠰᠠᠭᠤᠳᠠᠯ ᠢ ᠪᠠᠶᠢᠴᠠᠭᠠᠨ ᠢᠯᠡᠷᠡᠭᠦᠯᠭᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠡᠭᠦᠷᠭᠡ ᠶᠢ ᠨᠠᠷᠢᠯᠢᠬᠵᠢᠭᠤᠯᠤᠨ᠂ | ᠰᠤᠷᠤᠯᠴᠠᠯᠭ᠎ᠠ ᠬᠥᠮᠦᠵᠢᠯ ᠢ ᠨᠡᠪᠳᠡᠷᠡᠳᠡᠯ᠎ᠠ ᠣᠶᠢᠯᠠᠭᠠᠬᠤ᠂ ᠣᠨᠣᠴᠠᠲᠠᠶ ᠡᠵᠡᠮᠳᠡᠬᠦ᠂ ᠨᠠᠷᠢᠨ ᠨᠢᠮᠪᠠᠶ ᠰᠦᠪᠡᠭᠴᠢᠯᠡᠬᠦ᠂ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ | ᠠᠬᠢᠭᠤᠯᠬᠤ ᠶᠢ ᠪᠡᠶᠡᠯᠡᠭᠦᠯᠵᠠᠢ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ | ᠲᠦᠷᠦᠭᠦᠯᠡᠨ ᠰᠤᠷᠤᠯᠴᠠᠬᠤ᠂ ᠨᠠᠮ ᠤᠨ ᠡᠭᠦᠷ ᠢ ᠲᠠᠭᠠᠨ ᠰᠤᠷᠤᠯᠴᠠᠬᠤ᠂ ᠨᠠᠮ ᠤᠨ ᠭᠡᠰᠢᠭᠦᠨ ᠡᠳᠦᠷ ᠲᠤᠳᠤᠮ | ᠰᠤᠷᠤᠯᠴᠠᠬᠤ ᠵᠡᠷᠭᠡ ᠬᠡᠯᠪᠡᠷᠢ ᠪᠠᠷ ᠰᠤᠷᠲᠠᠯ ᠤᠨ ᠪᠠᠶᠢᠭᠤᠯᠤᠯᠲᠠ ᠶᠢ ᠨᠠᠮ ᠢ ᠬᠠᠮᠢᠶᠠᠷᠴᠤ ᠨᠠᠮ ᠢ ᠵᠠᠰᠠᠬᠤ᠂ | ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ | ᠪᠦᠬᠦ ᠶᠠᠪᠤᠴᠠ ᠶᠢᠨ ᠡᠯ᠎ᠡ ᠲᠠᠯ᠎ᠠ ᠳᠤ ᠳᠤᠭᠤᠰᠢᠯᠠᠭᠤᠯᠵᠦ᠂ ᠥᠨᠳᠥᠷ ᠲᠦᠪᠰᠢᠨ ᠪᠦᠬᠦᠢ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢ ᠪᠠᠶᠢᠭᠤᠯᠬᠤ ᠳᠤ ᠬᠦᠴᠦᠨ ᠴᠢᠳᠠᠯ ᠢ ᠨᠢᠭᠲᠠᠷᠠᠭᠤᠯᠪᠠ᠃ ᠠᠶᠢᠮᠠᠭ ᠤᠨ ᠨᠠᠮ ᠤᠨ | ᠬᠤᠷᠢᠶ᠎ᠠ ᠬᠠᠷᠠᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠰᠤᠷᠤᠯᠴᠠᠵᠤ ᠰᠤᠳᠤᠯᠤᠨ ᠶᠠᠷᠢᠯᠴᠠᠬᠤ᠂ | ᠠᠰᠠᠭᠤᠳᠠᠯ ᠢ ᠪᠠᠶᠢᠴᠠᠭᠠᠨ ᠢᠯᠠᠷᠠᠭᠦᠯᠭᠦ᠂ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠳᠥᠯᠭᠢᠨ | ᠠᠬᠢᠭᠤᠯᠵᠤ᠂ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃ ᠠᠶᠢᠮᠠᠭ ᠤᠨ ᠠᠵᠤ ᠠᠬᠤᠶ ᠶᠢᠨ | ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠠᠴᠠ ᠤᠷᠤᠨ ᠲᠣᠭᠤᠷᠢᠭ ᠤᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠠᠭ ᠲᠤᠬᠠᠶ ᠳᠤᠨᠢ ᠬᠤᠷᠠᠯ ᠬᠤᠷᠠᠯᠳᠤᠭᠤᠯᠵᠤ᠂ ᠪᠢᠴᠢᠭ | ᠮᠠᠲ᠋ᠧᠷᠢᠶᠠᠯ ᠢ ᠬᠢᠨᠠᠮᠠᠭᠠᠶ ᠰᠤᠷᠤᠯᠴᠠᠨ᠂ ᠰᠤᠷᠤᠯᠴᠠᠯᠭ᠎ᠠ ᠬᠥᠮᠦᠵᠢᠯ ᠬᠢᠭᠡᠳ ᠤᠷᠤᠨ ᠲᠣᠭᠤᠷᠢᠭ ᠤᠨ ᠠᠵᠢᠯ ᠢ | ᠠᠬᠢᠭᠤᠯᠬᠤ ᠶᠢ ᠨᠢᠭᠲᠠ ᠤᠶᠠᠯᠳᠤᠭᠤᠯᠬᠤ ᠳᠡᠭᠡᠷ᠎ᠡ ᠬᠦᠴᠦ ᠲᠠᠯᠪᠢᠵᠤ᠂ ᠨᠠᠮ ᠤᠨ ᠭᠡᠰᠢᠭᠦᠨ ᠢ ᠪᠦᠬᠦᠨ ᠢ | ᠬᠠᠮᠤᠷᠤᠭᠤᠯᠵᠤ᠂ ᠡᠭᠦᠷᠭᠡ ᠶᠢ ᠪᠦᠬᠦᠨ ᠢ ᠪᠡᠶᠡᠯᠡᠭᠦᠯᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠰᠤᠷᠭᠠᠨ | ᠬᠥᠮᠦᠵᠢᠯ ᠤᠨ ᠠᠵᠢᠯ ᠤᠨ ᠵᠦᠪᠯᠡᠯ ᠰᠤᠷᠤᠯᠴᠠᠯᠭ᠎ᠠ ᠬᠥᠮᠦᠵᠢᠯ ᠤᠨ ᠳᠤᠮᠳᠠ᠂ ᠨᠠᠮ ᠤᠨ ᠰᠤᠷᠲᠠᠯ ᠵᠠᠰᠠᠭ ᠤᠨ | ᠰᠤᠷᠲᠠᠯ᠂ ᠪᠠᠭᠰᠢ ᠶᠢᠨ ᠮᠣᠷᠠᠯ ᠰᠤᠷᠲᠠᠯ᠂ ᠰᠤᠷᠤᠯᠴᠠᠬᠤ ᠰᠤᠷᠲᠠᠯ᠂ ᠰᠤᠷᠭᠠᠭᠤᠯᠢ ᠶᠢᠨ ᠰᠤᠷᠲᠠᠯ ᠤᠨ | ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠰᠤᠷᠭᠠᠨ | ᠬᠥᠮᠦᠵᠢᠯ ᠤᠨ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠪᠥᠬᠦ | ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ | ᠶᠡᠭᠡ ᠬᠥᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃ ︵ᠰᠤᠨᠢᠨ︶ | | | |