ᠬᠢᠩᠭᠠᠨ ᠠᠶᠢᠮᠠᠭ ᠤᠨ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠥᠬᠦ ᠤᠷᠤᠨ ᠳᠤ ᠬᠤᠶᠠᠳᠤᠭᠠᠷ ᠲᠤ ᠤᠷᠤᠵᠠᠢ
ᠨᠡᠶᠢᠲᠡᠯᠡᠭᠰᠡᠨ ᠴᠠᠭ᠄
2025/4/10
        ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠢᠰᠲ᠋ᠧᠮ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠭᠦᠨᠵᠡᠭᠡᠢ ᠬᠡᠷᠡᠭᠵᠢᠭᠦᠯᠵᠦ᠂ ︽ᠭᠠᠷᠠᠭ ᠲᠤ ᠳᠤᠬᠢᠷᠠᠭᠤᠯᠬᠤ᠂ ᠰᠠᠷ᠎ᠠ ᠳᠤ ᠵᠠᠳᠠᠯᠬᠤ᠂ ᠤᠯᠠᠷᠢᠯ ᠳᠤ ᠳ᠋ᠦᠩᠨᠡᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ᠪᠦᠬᠦ ᠠᠶᠢᠮᠠᠭ ᠤᠨ 76 ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠳᠤ ᠰᠤᠷᠪᠤᠯᠵᠢᠯᠠᠬᠤ ᠦᠢᠯᠡᠴᠢᠯᠡᠭᠡ ᠥᠷᠨᠢᠭᠦᠯᠵᠦ᠂ ᠪᠦᠷᠬᠦᠴᠡ ᠶᠢᠨ ᠨᠤᠷᠮ᠎ᠠ ᠨᠢ ᠬᠡᠪᠴᠢᠶ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ ᠬᠡᠮᠵᠢᠶᠡᠨ ᠤ 61% ᠳᠤ ᠬᠦᠷᠴᠦ᠂ ᠤᠨᠢᠨ ᠳᠡᠭᠡᠷ᠎ᠡ ᠨᠢ ᠦᠢᠯᠡᠴᠢᠯᠡᠬᠦ ᠪᠠᠷ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠵᠡᠢ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 1 — 2 ᠰᠠᠷ᠎ᠠ ᠳᠤ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 79% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠬᠤᠶᠠᠳᠤᠭᠠᠷ ᠲᠤ ᠤᠷᠤᠵᠠᠢ︔ 3 ᠰᠠᠷ᠎ᠠ ᠶᠢᠨ ᠰᠡᠭᠦᠯᠴᠢ ᠪᠣᠯᠲᠠᠯ᠎ᠠ᠂ 65 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠤᠨ 30 ᠨᠢ ᠠᠵᠢᠯ ᠢᠶᠠᠨ ᠡᠬᠢᠯᠡᠭᠦᠯᠦᠨ ᠰᠡᠷᠭᠦᠭᠡᠵᠦ᠂ ᠪᠦᠬᠦᠯᠢ ᠴᠣᠭᠴᠠ ᠶᠢᠨ ᠠᠵᠢᠯ ᠢᠶᠠᠨ ᠡᠬᠢᠯᠡᠭᠦᠯᠦᠭᠰᠡᠨ ᠨᠤᠷᠮ᠎ᠠ ᠨᠢ 46% ᠳᠤ ᠬᠦᠷᠴᠡᠢ᠃        ᠲᠥᠷᠥᠯ ᠵᠦᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠤ ᠣᠯᠠᠨ ᠲᠠᠯ᠎ᠠ ᠪᠠᠷ ᠰᠢᠪᠲᠤᠯᠤᠯᠲᠠ ᠲᠠᠢ ᠪᠠᠶᠢᠳᠠᠯ ᠢᠯᠡᠷᠡᠪᠡ᠃ ᠤᠯᠠᠭᠠᠨᠬᠤᠲᠠ ᠶᠢᠨ ᠬᠤᠸᠠᠨ ᠶᠤᠸᠠᠨ ᠠᠮᠢᠳᠤ ᠪᠣᠳᠠᠰ ᠤᠨ ᠥᠳᠭᠡᠨ ᠦᠨᠦᠷᠲᠦ ᠢᠳᠡᠭᠡᠨ ᠤ ᠲᠣᠰᠣ ᠵᠡᠷᠭᠡ 3 ᠲᠥᠷᠥᠯ ᠵᠦᠢᠯ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠪᠡ︔ ᠵᠠᠯᠠᠶᠢᠳ ᠬᠤᠰᠢᠭᠤᠨ ᠤ ᠪᠥᠸᠧ ᠨᠧᠩ 1 × 3 ᠲᠦᠮᠡᠨ ᠺᠢᠯᠣᠸᠠᠲ ᠤᠨ ᠠᠮᠢᠳᠤ ᠪᠣᠳᠠᠰ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠪᠠ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠬᠠᠪᠰᠤᠷᠤᠨ ᠲᠡᠳᠬᠦᠬᠦ ᠴᠠᠬᠢᠯᠭᠠᠨ ᠥᠷᠲᠡᠭᠡᠨ ᠤ 2 ᠲᠥᠷᠥᠯ ᠵᠦᠢᠯ ᠤᠨ ᠠᠵᠢᠯ ᠢ ᠰᠡᠷᠭᠦᠭᠡᠪᠡ︔ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠸᠠ ᠸᠧ ᠹᠧᠩ ᠲᠠᠢ ᠰᠢᠩᠭᠡᠨ ᠪᠣᠷᠲᠣᠭᠤᠷ᠂ ᠱᠦ ᠬᠠ ᠬᠠ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ ᠵᠡᠷᠭᠡ 4 ᠲᠥᠷᠥᠯ ᠵᠦᠢᠯ ᠤᠨ ᠠᠵᠢᠯ ᠢᠶᠠᠨ ᠰᠡᠷᠭᠦᠭᠡᠪᠡ︔ ᠲᠦᠴᠢᠦᠸᠠᠨ ᠰᠢᠶᠠᠨ ᠤ ᠮᠧᠩ ᠨᠧᠩ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡᠯᠡᠯᠲᠡ ᠶᠢᠨ ᠰᠠᠭᠤᠷᠢᠨ ᠭᠠᠵᠠᠷ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ 44.5 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠡᠷᠭᠡ 6 ᠲᠥᠷᠥᠯ ᠵᠦᠢᠯ ᠠᠵᠢᠯ ᠢᠶᠠᠨ ᠡᠬᠢᠯᠡᠭᠦᠯᠪᠡ︔ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠸᠡᠭ ᠨᠸᠡᠭ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ 12 ᠲᠥᠷᠥᠯ ᠵᠦᠢᠯ ᠤᠨ ᠠᠵᠢᠯ ᠢ ᠰᠡᠷᠭᠦᠭᠡᠪᠡ︔ ᠠᠶᠢᠮᠠᠭ ᠤᠨ ᠨᠡᠭᠡᠭᠡᠯᠲᠡ ᠶᠢᠨ ᠲᠣᠭᠤᠷᠢᠭ ᠤᠨ ᠶᠢᠨ ᠹᠧᠩ 50 ᠲᠦᠮᠡᠨ ᠲᠣᠨ ᠤ ᠪᠣᠬᠢᠷᠲᠤᠯ ᠥᠬᠡᠶ ᠮᠧᠲ᠋ᠢᠯ ᠠᠯᠺᠣᠣᠯ᠂ ᠤᠯᠠᠭᠠᠨ ᠲᠠᠢ ᠠᠨ ᠦᠯᠡᠳᠡᠪᠦᠷᠢ ᠢᠯᠴᠢ ᠶᠢᠨ ᠠᠭᠤᠷ ᠢ ᠡᠭᠡᠭᠦᠯᠦᠨ ᠬᠤᠷᠢᠶᠠᠬᠤ ᠵᠡᠷᠭᠡ 3 ᠲᠥᠷᠥᠯ ᠵᠦᠢᠯ ᠤᠨ ᠠᠵᠢᠯ ᠢᠶᠠᠨ ᠡᠬᠢᠯᠡᠭᠦᠯᠪᠡ᠃ ᠲᠤᠰᠬᠠᠶ ᠠᠩᠭᠢ ᠪᠠᠷ ᠠᠬᠢᠭᠤᠯᠬᠤ᠂ ᠲᠥᠷᠥ ᠶᠢᠨ ᠪᠣᠳᠣᠯᠭ᠎ᠠ ᠶᠢ ᠰᠢᠭᠤᠳ ᠬᠡᠷᠡᠭᠵᠢᠭᠦᠯᠬᠦ ᠨᠠᠷᠢᠯᠢᠭ ᠣᠨᠣᠴᠠᠲᠠᠶ ᠦᠢᠯᠡᠴᠢᠯᠡᠭᠡᠨ ᠤ ᠵᠠᠭᠪᠤᠷ ᠢᠶᠠᠷ ᠳᠡᠮᠵᠢᠨ᠂ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠶ ᠶᠠᠭ ︽ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠠᠵᠢᠯ ᠡᠬᠢᠯᠡᠭᠦᠯᠵᠦ᠂ ᠨᠢᠭᠡ ᠪᠦᠯᠦᠭ ᠢ ᠪᠥᠲᠥᠭᠡᠨ ᠪᠠᠶᠢᠭᠤᠯᠵᠤ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ︾ ᠰᠠᠶᠢᠨ ᠰᠠᠶᠢᠬᠠᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠠᠢ᠃ ︵ᠨᠢᠩᠵᠢᠨ ᠯᠢ ᠵᠢᠶᠠᠨ ᠫᠢᠡᠭ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号