ᠬᠢᠩᠭᠠᠨ ᠠᠶᠢᠮᠠᠭ ᠴᠢᠬᠤᠯᠠ ᠶᠡᠭᠡ ᠲᠥᠷᠥᠯ ᠵᠦᠢᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠨ ᠠᠵᠦ ᠠᠬᠤᠶᠢᠯᠠᠯ ᠳᠤ ᠳᠦᠭᠦᠮ ᠦᠵᠡᠭᠦᠯᠵᠦ ᠪᠤᠢ
ᠨᠡᠶᠢᠲᠡᠯᠡᠭᠰᠡᠨ ᠴᠠᠭ᠄
2025/4/10
        ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠠ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠬᠢᠩᠭᠠᠨ ᠠᠶᠢᠮᠠᠭ ᠤᠨ ᠴᠢᠬᠤᠯᠠ ᠶᠡᠭᠡ ᠲᠦᠷᠦᠯ ᠵᠦᠢᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠭᠡᠵᠦ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠦᠷᠦᠯ ᠵᠦᠢᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠳᠤᠮᠳᠠᠴᠢ ᠴᠠᠭ ᠥᠩᠭᠡᠷᠡᠭᠰᠡᠨ ᠤ ᠬᠢ ᠠᠴᠠ 8 ᠠᠵᠢᠯ ᠤᠨ ᠡᠳᠦᠷ ᠪᠣᠭᠤᠨᠢᠰᠴᠠᠢ᠃        ︽ᠬᠢᠩᠭᠠᠨ ᠠᠶᠢᠮᠠᠭ ᠤᠨ ᠭᠠᠵᠠᠷ ᠬᠡᠷᠡᠭᠯᠡᠬᠦ ᠭᠠᠵᠠᠷ ᠬᠠᠩᠭᠠᠬᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢᠶᠠᠷ ᠤᠷᠢᠳᠴᠢᠯᠠᠨ ᠬᠢᠨᠠᠨ ᠪᠠᠶᠢᠴᠠᠭᠠᠬᠤ ᠥᠶ᠎ᠠ ᠳᠤ᠂ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠠ ᠶᠢᠨ ᠠᠵᠢᠯᠲᠠᠳ ᠲᠦᠷᠦᠯ ᠵᠦᠢᠯ ᠨᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠭᠡᠳ᠂ ᠴᠠᠭ ᠲᠤᠬᠠᠢ ᠳᠤᠨᠢ ᠪᠢᠳᠡᠨ ᠳᠤ ᠵᠠᠰᠠᠪᠤᠷᠢ ᠣᠷᠣᠭᠤᠯᠬᠤ ᠶᠢ ᠰᠠᠨᠠᠭᠤᠯᠵᠥ᠂ ᠬᠠᠮᠳᠥ ᠶᠢᠨ ᠴᠢᠷᠮᠠᠶᠢᠯᠠᠭ᠎ᠠ ᠪᠠᠷ ᠲᠦᠷᠦᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢᠨ ᠬᠢᠨᠠᠨ ᠵᠥᠪᠰᠢᠶᠡᠷᠡᠯ ᠢ ᠤᠷᠤᠭᠰᠢᠲᠠᠢ ᠥᠩᠭᠡᠷᠡᠭᠦᠯᠵᠦ᠂ ᠴᠠᠭ ᠠᠷᠪᠢᠯᠠᠪᠠ︾ ᠭᠡᠵᠦ ᠬᠢᠩᠭᠠᠨ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠶᠤᠸᠠᠨ ᠯᠢ ︵ ᠶᠢᠨ ᠹᠧᠩ︶ ᠶᠢᠨ ᠠᠵᠤ ᠠᠬᠤᠶᠢᠯᠠᠯ ᠳᠤ ᠣᠷᠣᠬᠤ ᠲᠡᠮᠦᠷ ᠵᠠᠮ ᠤᠨ ᠲᠤᠰᠬᠠᠢ ᠱᠤᠭᠤᠮ ᠤᠨ ᠲᠦᠷᠦᠯ ᠵᠦᠢᠯ ᠳᠤ ᠬᠡᠷᠡᠭᠯᠡᠬᠦ ᠭᠠᠵᠠᠷ ᠢ ᠭᠤᠶᠤᠴᠢᠯᠠᠨ ᠮᠡᠳᠡᠭᠦᠯᠬᠦ ᠠᠵᠢᠯ ᠤᠨ ᠬᠠᠷᠢᠭᠤᠴᠠᠯᠭᠠᠲᠠᠨ ᠹᠦ᠋ ᠶᠦᠩ ᠫᠢᠩ ᠬᠡᠯᠡᠪᠡ᠃        ︽ᠭᠠᠵᠠᠷ ᠬᠡᠷᠡᠭᠯᠡᠬᠦ ᠨᠢᠭᠡᠴᠢ ᠭᠠᠷ ᠤᠲᠠᠰᠤ ᠪᠠᠷ ᠢᠶᠠᠨ ᠬᠢᠨᠠᠨ ᠵᠥᠪᠰᠢᠶᠡᠷᠡᠬᠦ ᠮᠠᠲ᠋ᠧᠷᠢᠶᠠᠯ ᠢᠶᠠᠨ ᠮᠡᠳᠡᠭᠦᠯᠵᠦ ᠪᠣᠯᠬᠤ ᠪᠠᠷ ᠪᠠᠷᠠᠬᠤ ᠥᠬᠡᠶ᠂ ᠪᠠᠰᠠ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠠᠩᠭᠢᠯᠠᠭ᠎ᠠ ᠶᠢᠨ ᠴᠡᠭ ᠢ ᠪᠠᠶᠢᠴᠠᠭᠠᠨ ᠦᠵᠡᠵᠦ ᠪᠣᠯᠤᠨ᠎ᠠ᠂ ᠡᠨᠡ ᠨᠢ ᠬᠥᠭᠵᠢᠭᠦᠯᠦᠯᠲᠡ ᠪᠠ ᠥᠭᠡᠷᠡᠴᠢᠯᠡᠯᠲᠡ᠂ ᠠᠮᠢ ᠠᠬᠤᠶ ᠣᠷᠴᠢᠨ ᠲᠣᠭᠤᠷᠢᠨ᠂ ᠲᠡᠤᠬᠡ ᠶᠢᠨ ᠳᠤᠷᠠᠰᠬᠠᠯᠲᠤ ᠵᠦᠢᠯᠡᠰ ᠵᠡᠷᠭᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠡᠶ︾ ᠭᠡᠵᠦ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ ᠵᠧᠩ ᠶᠦᠩ ᠹᠧᠩ ᠭᠠᠷ ᠤᠲᠠᠰᠤᠨ ᠳᠠᠬᠢ ᠬᠢᠨᠠᠨ ᠵᠥᠪᠰᠢᠶᠡᠷᠡᠬᠦ ᠰᠢᠰᠲ᠋ᠧᠮ ᠢ ᠰᠤᠷᠪᠤᠯᠵᠢᠯᠠᠭᠴᠢ ᠳᠤ ᠲᠠᠨᠢᠯᠴᠠᠭᠤᠯᠵᠦ ᠪᠠᠶᠢᠯ᠎ᠠ᠃        ᠬᠢᠨᠠᠨ ᠵᠥᠪᠰᠢᠶᠡᠷᠡᠬᠦ ᠴᠠᠭ ᠨᠢ ᠬᠡᠳᠦᠶ ᠣᠬᠤᠷ ᠪᠣᠯᠬᠤ ᠲᠤᠲᠤᠮ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠰᠢᠭᠯᠠᠯᠲᠠ ᠳᠤ ᠣᠷᠣᠬᠤ ᠨᠢ ᠲᠡᠳᠦᠶ ᠲᠦᠷᠭᠡᠨ ᠪᠣᠯᠤᠨ᠎ᠠ᠃ ᠴᠢᠬᠤᠯᠠ ᠶᠡᠭᠡ ᠲᠥᠷᠥᠯ ᠵᠦᠢᠯ ᠤᠨ ᠭᠠᠵᠠᠷ ᠬᠡᠷᠡᠭᠯᠡᠬᠦ ᠭᠠᠷᠳᠠᠮ ᠢ ᠭᠦᠢᠴᠡᠳᠭᠡᠬᠦ ᠠᠬᠢᠴᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠤᠰᠬᠠᠶ ᠠᠩᠭᠢ ᠪᠠᠶᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠭᠠᠵᠠᠷ ᠬᠡᠷᠡᠭᠯᠡᠬᠦ ᠭᠠᠷᠳᠠᠮ ᠢ ᠭᠦᠢᠴᠡᠳᠭᠡᠭᠰᠡᠨ ᠪᠠᠶᠢᠳᠠᠯ ᠢ ᠭᠠᠷᠠᠭ ᠪᠦᠷᠢ ᠳᠣᠭᠢᠷᠠᠭᠤᠯᠤᠨ ᠮᠡᠳᠡᠭᠦᠯᠵᠠᠢ᠃ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ ᠵᠡᠷᠭᠡ ᠲᠥᠷᠥᠯ ᠵᠦᠢᠯ ᠤᠨ ᠭᠠᠵᠠᠷ ᠬᠡᠷᠡᠭᠯᠡᠬᠦ ᠰᠠᠯᠠᠭ᠎ᠠ ᠮᠥᠴᠢᠷ ᠲᠠᠢ ᠬᠠᠮᠲᠤᠷᠠᠨ᠂ ᠴᠢᠬᠤᠯᠠ ᠶᠡᠭᠡ ᠲᠥᠷᠥᠯ ᠵᠦᠢᠯ ᠤᠨ ᠭᠠᠵᠠᠷ ᠬᠡᠷᠡᠭᠯᠡᠬᠦ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠲᠥᠷᠥᠯ ᠵᠦᠢᠯ ᠤᠨ ᠭᠠᠵᠠᠷ ᠬᠡᠷᠡᠭᠯᠡᠬᠦ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠠᠢ᠃ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠭᠠᠵᠠᠷ ᠰᠣᠩᠭᠤᠬᠤ ᠱᠠᠲᠤ ᠦᠶ᠎ᠡ ᠳᠤ᠂ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠶᠢ ᠠᠰᠢᠭᠯᠠᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠥᠷᠥᠯ ᠵᠦᠢᠯ ᠢ ᠬᠥᠲᠥᠯᠦᠨ ᠵᠢᠯᠣᠭᠤᠳᠤᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠡᠤᠬᠡ ᠰᠣᠶᠣᠯ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠠᠴᠠ ᠵᠦᠶ ᠵᠣᠬᠢᠰᠲᠠᠶ ᠵᠠᠶᠢᠯᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠰᠢᠨᠵᠢᠯᠡᠬᠦ ᠤᠬᠠᠭᠠᠨᠴᠢ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠳᠡᠭᠡᠭᠰᠢᠯᠡᠭᠦᠯᠵᠠᠢ᠃ ︵ᠨᠢᠩᠵᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号