| — ᠤᠯᠠᠭᠠᠨᠬᠤᠲᠠ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ | ᠬᠡᠷᠡᠭᠵᠢᠬᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠦ ᠪᠠᠶᠢᠭ᠎ᠠ ᠳᠤᠬᠠᠢ | ᠰᠣᠷᠪᠤᠯᠵᠢᠯᠠᠭ᠎ᠠ | ᠤᠢᠢᠷ᠎ᠠ ᠶᠢᠨ ᠵᠢᠯ ᠠᠴᠠ᠂ ᠤᠯᠠᠭᠠᠨᠬᠤᠲᠠ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ | ᠰᠤᠷᠤᠯᠴᠠᠨ ᠭᠡᠷᠡᠭᠵᠢᠬᠦᠯᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ | ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠳᠤᠭᠤᠷᠢᠨ ᠢ ᠭᠤᠶᠤᠯᠢᠭᠵᠢᠭᠤᠯᠵᠤ᠂ ᠬᠦᠳᠡᠭᠡ ᠠᠵᠦ ᠠᠬᠤᠢ | ᠵᠢᠭᠤᠯᠴᠢᠯᠠᠯ ᠢ ᠬᠦᠨᠵᠡᠭᠡᠢ ᠠᠭᠤᠰᠤᠯᠴᠠᠭᠤᠯᠤᠨ ᠬᠦᠭᠵᠢᠬᠦᠯᠤᠭᠡᠤᠨ ︽ᠠᠵᠦ ᠦᠢᠯᠡᠰ ᠪᠠᠳᠠᠷᠠᠨ ᠬᠦᠭᠵᠢᠭᠰᠡᠨ᠂ | ᠤᠷᠴᠢᠨ ᠳᠤᠭᠤᠷᠢᠨ ᠭᠤᠶᠢᠳᠠ ᠰᠠᠶᠢᠬᠠᠨ᠂ ᠰᠤᠶᠤᠯ ᠵᠢᠭᠤᠯᠴᠢᠯᠠᠯ ᠴᠡᠴᠡᠭᠯᠡᠨ ᠬᠦᠭᠵᠢᠭᠰᠡᠨ᠂ ᠨᠡᠶᠢᠭᠡᠮ ᠤᠨ ᠵᠠᠰᠠᠯᠳᠠ | ᠰᠠᠶᠢᠵᠢᠷᠠᠬᠰᠠᠨ᠂ ᠠᠷᠠᠳ ᠤᠨ ᠠᠮᠢᠳᠤᠷᠠᠯ ᠴᠢᠨᠡᠭᠡᠯᠢᠭᠵᠢᠭᠰᠡᠨ︾ ᠦᠵᠡᠰᠬᠦᠯᠠᠩᠳᠦ ᠰᠠᠶᠢᠬᠠᠨ ᠬᠦᠳᠡᠭᠡ ᠳᠤᠰᠬᠤᠨ ᠤ | ᠲᠦᠷᠰᠦ ᠪᠠᠶᠢᠳᠡᠯ ᠢ ᠢᠯᠡᠷᠡᠬᠦᠯᠦᠭᠰᠡᠨ ᠪᠠᠶᠢᠨ᠎ᠠ᠃ | ᠦᠵᠡᠰᠬᠦᠯᠠᠩᠳᠦ ᠰᠠᠶᠢᠬᠠᠨ ᠬᠦᠳᠡᠭᠡ ᠳᠤᠰᠬᠤᠨ ᠤ ᠪᠠᠶᠢᠭᠤᠯᠤᠯᠳᠠ ᠶᠢ ᠠᠬᠢᠭᠤᠯᠵᠦ᠂ ᠴᠡᠪᠡᠷ | ᠳᠠᠭᠠᠯᠠᠮᠵᠢᠳᠠᠢ ᠠᠮᠢᠳᠤᠷᠠᠯ ᠤᠨ ᠤᠷᠴᠢᠨ ᠢ ᠪᠤᠢ ᠪᠤᠯᠭᠠᠪᠠ᠃ ︽ᠦᠡᠭᠭᠡᠷᠡᠭᠰᠡᠨ ᠳᠤ᠂ ᠪᠢᠳᠡ ᠬᠤᠲᠠ ᠶᠢᠨ ᠭᠤᠶᠢᠳᠠ | ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠠᠭ᠋ᠠᠷᠬᠠᠵᠤ᠂ ᠡᠶᠢᠮᠦᠷᠬᠦᠦ ᠰᠠᠶᠢᠬᠠᠨ ᠠᠮᠢᠳᠤᠷᠠᠯ ᠢ ᠭᠡᠵᠢᠶ᠎ᠠ ᠨᠢᠭᠡ | ᠡᠳ᠋ᠯᠡᠬᠦ ᠪᠤᠯ ᠭᠡᠵᠦ ᠬᠦᠰᠡᠵᠦ ᠪᠠᠶᠢᠯ᠎ᠠ᠃ ᠭᠡᠳᠤᠭᠡᠨ ᠵᠢᠯ ᠤᠨ ᠬᠤᠭᠤᠴᠠᠭᠠᠨ ᠳᠤ᠂ ᠮᠠᠨ ᠤ ᠡ᠊ᠨᠳᠡ ᠱᠦᠢᠨᠢ ᠵᠠᠮ | ᠭᠡᠷ ᠤᠨ ᠡᠭᠦᠳᠡᠨ ᠳᠤ ᠬᠦᠷᠳᠡᠯ᠎ᠠ ᠨᠡᠪᠳᠡᠷᠡᠵᠦ᠂ ᠬᠤᠭ ᠨᠣᠪᠰᠢ ᠶᠢ ᠬᠤᠷᠢᠶᠠᠬᠤ ᠬᠥᠮᠦᠨ ᠲᠠᠢ᠂ ᠪᠣᠬᠢᠷ ᠤᠰᠤ ᠶᠢ | ᠭᠠᠳᠠᠬᠰᠢᠯᠠᠭᠤᠯᠬᠤ ᠬᠤᠭᠤᠯᠠᠶ ᠲᠠᠢ᠂ ᠪᠦᠵᠢᠭᠯᠡᠨ ᠴᠡᠩᠭᠡᠬᠦ ᠠᠭᠤᠳᠠᠮ ᠳᠠᠯᠠᠪᠠᠢ ᠲᠠᠢ ᠪᠤᠯᠵᠠᠢ ᠁︾ ᠭᠡᠵᠦ | ᠤᠯᠠᠭᠠᠨᠬᠤᠳᠠ ᠶᠢᠨ ᠢᠯᠠᠯᠳᠠ ᠪᠠᠯᠭᠠᠰᠤᠨ ᠤ ᠢᠯᠠᠯᠳᠠ ᠭᠠᠴᠠᠭ᠎ᠠ ᠶᠢᠨ ᠠᠷᠠᠳ ᠪᠤᠤ ᠪᠤᠤ ᠳ᠋ᠧ ᠰᠡᠳᠭᠢᠯ ᠳᠣᠭᠳᠣᠯᠤᠨ | ᠶᠠᠷᠢᠵᠦ ᠪᠠᠶᠢᠯ᠎ᠠ᠃ | ᠤᠯᠠᠭᠠᠨᠬᠤᠲᠠ ︽ᠮᠢᠩᠭ᠎ᠠ ᠲᠦᠮᠡ ᠶᠢᠨ ᠢᠨᠵᠧᠨᠧᠷᠢᠩ︾ ᠢᠶᠠᠷ ᠳᠤᠯᠢ ᠪᠤᠯᠭᠠᠨ᠂ ︽ᠣᠷᠴᠢᠨ | ᠲᠣᠭᠤᠷᠢᠨ ᠢ ᠰᠠᠶᠢᠵᠢᠷᠠᠭᠤᠯᠬᠤ︾ ᠠᠵᠢᠯ ᠢ ᠴᠢᠩᠭ᠎ᠠ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠤ᠂ ᠬᠥᠳᠡᠭᠡ ᠲᠣᠰᠬᠤᠨ ᠤ ᠵᠣᠷᠯᠣᠩ ᠤᠨ | ᠬᠤᠪᠢᠰᠬᠠᠯ᠂ ᠵᠠᠮ ᠭᠤᠳᠤᠮᠵᠢ ᠶᠢ ᠬᠠᠲᠠᠭᠤᠷᠠᠭᠤᠯᠬᠤ᠂ ᠭᠠᠴᠠᠭ᠎ᠠ ᠳᠤᠰᠬᠤᠨ ᠢ ᠭᠤᠶᠤᠵᠢᠭᠤᠯᠬᠤ ᠪᠠᠷ ᠭᠤᠤᠯᠳᠠᠯᠭ᠎ᠠ | ᠪᠣᠯᠭᠠᠭᠰᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ ᠬᠤᠲᠠ | ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ | ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ᠬᠤᠲᠠ ᠬᠦ᠋ᠳᠡᠭᠡ ᠶᠢᠨ ᠠᠮᠢᠳᠤᠷᠠᠯ ᠤᠨ ᠬᠤᠭ ᠨᠣᠪᠰᠢ ᠶᠢ | ᠨᠢᠭᠡᠳᠤᠯᠳᠠᠢ ᠰᠢᠯᠵᠢᠭᠦᠯᠦᠨ ᠵᠥᠭᠡᠭᠡᠪᠦᠷᠢᠯᠡᠬᠦ ᠢᠢ ᠪᠡᠶᠡᠯᠡᠭᠦᠯᠦᠭᠰᠡᠨ ᠪᠥᠭᠡᠳ ︽ᠬᠠᠮᠤᠬ ᠤᠨ ᠭᠤᠶᠤ ᠬᠦᠷᠢᠶ᠎ᠡ | ᠬᠠᠰᠢᠶ᠎ᠠ︾ ᠶᠢ ᠠᠳᠠᠯᠢᠳᠬᠠᠨ ᠰᠢᠯᠭᠠᠷᠠᠭᠤᠯᠬᠤ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠣᠯᠠᠨ ᠲᠦᠮᠡᠨ ᠤ ᠣᠷᠣᠯᠴᠠᠬᠤ ᠬᠠᠯᠠᠭᠤᠨ ᠰᠡᠳᠭᠢᠯᠭᠡ ᠶᠢ ᠬᠥᠭᠵᠢᠭᠡᠵᠦ᠂ ᠬᠥᠳᠡᠭᠡ ᠲᠣᠰᠬᠤᠨ ᠤ ᠪᠣᠯᠪᠠᠰᠤᠨ ᠤ | ᠪᠠᠶᠢᠭᠤᠯᠤᠯᠳᠠ ᠶᠢ ᠤᠯᠠᠮ ᠰᠢᠯᠢᠳᠡᠭᠵᠢᠭᠦᠯᠪᠡ᠃ | ᠤᠳᠤᠬᠠᠨ ᠳᠤ᠂ ᠤᠯᠠᠭᠠᠨᠬᠤᠳᠠ ᠶᠢᠨ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠨᠣᠷᠮ᠎ᠠ | 38% ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠶ ᠶᠢᠨ ᠭᠠᠴᠠᠭ᠎ᠠ ᠲᠣᠰᠬᠤᠨ ᠢ 12 | ᠪᠠᠶᠢᠭᠤᠯᠵᠤ᠂ ᠨᠡᠶᠢᠲᠡ 4658 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠦ᠂ 18 ᠭᠠᠴᠠᠭ᠎ᠠ ᠲᠣᠰᠬᠤᠨ ᠤ | ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠪᠡᠶᠡᠯᠡᠭᠦᠯᠵᠦ᠂ ᠤᠷᠢᠳ ᠬᠤᠵᠢᠳ ︽ᠪᠥᠬᠦ ᠤᠯᠤᠰ ᠤᠨ ᠭᠠᠴᠠᠭ᠎ᠠ | ᠲᠣᠰᠬᠤᠨ ᠢ ᠴᠡᠪᠡᠷᠰᠢᠬᠦᠯᠬᠦ ᠠᠵᠢᠯᠯᠠᠭ᠎ᠠ ᠶᠢᠨ ᠲᠡᠷᠢᠭᠦᠨ ᠤ ᠰᠢᠶᠠᠨ︾᠂ ︽ᠪᠥᠬᠦ ᠤᠯᠤᠰ ᠤᠨ ᠠᠮᠢ ᠠᠬᠤᠶ ᠶᠢᠨ | ᠰᠣᠶᠣᠯ ᠤᠨ ᠲᠣᠰᠬᠤᠨ︾᠂ ︽ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ | ᠲᠣᠰᠬᠤᠨ︾᠂ ︽ᠪᠥᠬᠦ ᠤᠯᠤᠰ ᠤᠨ ᠦᠵᠡᠰᠭᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ ᠵᠡᠷᠭᠡ | ᠤᠯᠤᠰ ᠤᠨ ᠲᠠᠰ ᠤᠨ ᠢᠷᠠᠭᠤ ᠠᠯᠳᠠᠷ ᠢ ᠭᠥᠷᠳᠡᠵᠠᠢ᠃ | ᠤᠨᠴᠠᠯᠢᠬᠳᠦ ᠠᠵᠦ ᠦᠢᠯᠡᠰ ᠢ ᠬᠦᠭᠵᠢᠬᠦᠯᠤᠨ᠂ ᠬᠦᠳᠡᠭᠡ ᠳᠤᠰᠬᠤᠨ ᠤ ᠦᠷᠨᠢᠨ ᠬᠦᠭᠵᠢᠯᠳᠠ ᠶᠢ | ᠠᠬᠢᠭᠤᠯᠪᠠ᠃ ᠤᠯᠠᠭᠠᠨᠬᠤᠳᠠ ᠤᠮᠠᠷᠠᠲᠤ ᠥᠷᠭᠡᠷᠢᠭ ᠤᠨ 46 ᠭᠷᠠᠳᠦ᠋ᠰ ᠤᠨ ᠶᠡᠭᠡ ᠬᠢᠩᠭᠠᠨ ᠳᠠᠪᠠᠭᠠᠨ ᠤ ᠡᠮᠦᠨ᠎ᠡ | ᠬᠤᠷᠮᠤᠢ ᠶᠢᠨ ᠠᠮᠢ ᠠᠬᠤᠢ ᠶᠢᠨ ᠲᠣᠭᠤᠷᠢᠭ ᠲᠤ ᠪᠠᠶᠢᠷᠢᠯᠠᠵᠤ᠂ ᠳᠡᠯᠡᠭᠡᠢ ᠳ᠋ᠡᠬᠢᠨ ᠳᠤ ᠮᠡᠳᠡᠷᠡᠭᠳᠡᠭᠰᠡᠨ ᠰᠡᠷᠢᠬᠦᠨ | ᠪᠦᠰᠠ ᠶᠢᠨ ᠤᠰᠤᠨ ᠲᠤᠲᠤᠷᠭ᠎ᠠ ᠲᠠᠷᠢᠵᠦ ᠤᠷᠭᠤᠭᠤᠯᠬᠤ ᠰᠢᠵᠢᠷ ᠠᠯᠲᠠᠨ ᠪᠦᠰᠡ ᠪᠤᠯᠬᠤ ᠶᠤᠮ᠃ ᠦᠡᠭ ᠰᠢᠮᠡᠯᠢᠭ | ᠬᠦᠷᠦᠰᠦ᠂ ᠴᠡᠪᠡᠷ ᠤᠰᠦ᠂ ᠴᠠᠩᠭᠡᠭ ᠠᠭᠠᠷ ᠵᠡᠷᠭᠡ ᠨᠢ ᠤᠰᠤᠨ ᠲᠤᠲᠤᠷᠭ᠎ᠠ ᠶᠢᠨ ᠤᠷᠭᠤᠯᠳᠠ ᠳᠤ ᠬᠠᠮᠤᠭ ᠤᠨ | ᠳᠤᠬᠢᠷᠠᠮᠵᠢᠳᠠᠢ ᠨᠥᠬᠦᠴᠡᠯ ᠬᠠᠩᠭᠠᠭᠰᠠᠨ ᠪᠠᠶᠢᠨ᠎ᠠ᠃ ᠤᠯᠠᠭᠠᠨᠬᠤᠳᠠ ᠡᠨᠡᠬᠦ ᠪᠠᠶᠢᠭᠠᠯᠢ ᠶᠢᠨ ᠳᠠᠪᠠᠭᠤᠯᠢᠭ ᠢ ᠭᠦᠢᠴᠡᠳ | ᠠᠰᠢᠭᠯᠠᠨ᠂ ᠤᠰᠤᠨ ᠲᠤᠲᠤᠷᠭ᠎ᠠ ᠳᠠᠷᠢᠬᠤ ᠠᠵᠤ ᠦᠢᠯᠡᠰ ᠢ ᠶᠡᠭᠡ ᠪᠠᠷ ᠬᠥᠭᠵᠢᠭᠦᠯᠦᠭᠰᠡᠨ ᠪᠠᠶᠢᠨ᠎ᠠ᠃ | ︽ᠣᠳᠣᠬᠠᠨ ᠳᠤ᠂ ᠮᠠᠨ ᠤ ᠦᠢᠯᠡᠳᠬᠦᠨ ᠨᠢᠭᠡᠨᠲᠡ ᠪᠡᠭᠡᠵᠢᠩ᠂ ᠱᠠᠩᠬᠠᠶ᠂ ᠱᠧᠨᠵᠧᠨ ᠵᠡᠷᠭᠡ ᠭᠠᠵᠠᠷ ᠲᠤ | ᠪᠣᠷᠣᠯᠠᠭᠤᠯᠤᠭᠳᠠᠵᠤ᠂ ᠪᠦᠬᠦ ᠬᠤᠳᠠ ᠶᠢᠨ ᠤᠰᠤᠨ ᠲᠤᠲᠤᠷᠭ᠎ᠠ ᠳᠠᠷᠢᠬᠤ ᠠᠵᠤ ᠦᠢᠯᠡᠰ ᠤᠨ ᠬᠥᠭᠵᠢᠯᠲᠡ ᠪᠠ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠦ ᠪᠤᠢ︾ ᠭᠡᠵᠦ ᠬᠢᠩᠭᠠᠨ ᠠᠶᠢᠮᠠᠭ ᠤᠨ ᠲᠠᠯ᠎ᠠ ᠨᠤᠲᠤᠭ ᠤᠨ | ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠼᠦᠢ | ᡁᠢ ᠰᠢᠶᠠᠩ ᠶᠠᠷᠢᠵᠦ ᠪᠠᠶᠢᠯ᠎ᠠ᠃ | ᠡᠬᠦᠨ ᠠᠴᠠ ᠭᠠᠳᠠᠨ᠎ᠠ᠂ ᠤᠯᠠᠭᠠᠨᠬᠤᠲᠠ ᠪᠠᠰᠠ ᠬᠠᠷᠢᠶᠠᠨ ᠳᠠᠬᠢ 5 ᠪᠠᠯᠭᠠᠰᠤ ︵ᠤᠷᠤᠨ ᠲᠣᠭᠤᠷᠢᠭ︶ | ᠵᠢᠴᠢ 61 ᠭᠠᠴᠠᠭ᠎ᠠ ᠲᠣᠰᠬᠤᠨ ᠤ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠪᠠ ᠡᠬᠢ | ᠪᠠᠶᠠᠯᠢᠭ ᠤᠨ ᠳᠠᠪᠠᠭᠤᠯᠢᠭ ᠢ ᠠᠰᠢᠬᠯᠠᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ | ᠰᠦᠪᠡᠭᠴᠢᠯᠡᠪᠡ᠃ ᠳᠤᠬᠠᠶᠢᠯᠠᠪᠠᠯ᠂ ᠲᠠᠪᠢᠨ ᠥᠷᠲᠡᠭᠡ ᠪᠠᠯᠭᠠᠰᠤ ᠨᠢ ᠲᠡᠮᠡᠭᠡᠨ ᠬᠢᠷᠭᠤᠤᠯ ᠪᠠ ᠭᠠᠭᠠᠶ ᠲᠡᠵᠢᠭᠡᠨ | ᠦᠷᠡᠵᠢᠭᠦᠯᠬᠦ ᠤᠨᠴᠠᠯᠢᠬᠳᠦ ᠦᠢᠯᠡᠰ ᠢ ᠶᠡᠬᠡᠪᠡᠷ ᠬᠥᠭᠵᠢᠭᠦᠯᠪᠡ᠃ ᠰᠡᠷᠬᠡᠨ ᠣᠲᠣ ᠦᠶ᠎ᠡ ᠶᠢᠨ ᠲᠠᠷᠢᠶᠠᠯᠠᠩ ᠤᠨ | ᠤᠷᠤᠨ ᠲᠣᠭᠤᠷᠢᠭ ᠨᠢ ︽ᠬᠦᠷᠢᠶ᠎ᠡ ᠬᠠᠰᠢᠶ᠎ᠠ ᠶᠢᠨ ᠠᠵᠤ ᠠᠬᠤᠶ︾ ᠶᠢ ᠬᠦᠭᠵᠢᠬᠦᠯᠤᠨ᠂ ᠳᠠᠷᠢᠶᠠᠴᠢᠨ ᠡᠷᠦᠭᠡ ᠶᠢᠨ | ᠰᠤᠯᠠ ᠳᠠᠯᠪᠢᠬᠳᠠᠵᠦ ᠪᠠᠶᠢᠭ᠎ᠠ ᠭᠠᠵᠠᠷ ᠢ ᠠᠵᠦ ᠠᠬᠤᠢ ᠶᠢᠨ ᠤᠷᠤᠯᠭ᠎ᠠ ᠲᠠᠢ ᠪᠤᠯᠭᠠᠪᠠ ᠁᠃ ᠤᠯᠠᠭᠠᠨᠬᠤᠲᠠ ︽ | ᠨᠢᠭᠡ ᠲᠣᠰᠬᠤᠨ ᠨᠢᠭᠡ ᠪᠦᠲᠦᠭᠡᠭᠳᠡᠬᠦᠨ ᠨᠢᠭᠡ ᠣᠨᠴᠠᠯᠢᠭᠳᠠᠢ︾ ᠠᠵᠤ ᠦᠢᠯᠡᠰ ᠤᠨ ᠪᠠᠶᠢᠷᠢᠰᠢᠯ ᠢ ᠠᠯᠬᠤᠮ | ᠠᠯᠬᠤᠮ ᠢᠶᠠᠷ ᠪᠦᠷᠢᠯᠳᠦᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠨ ︽ᠣᠯᠠᠨ ᠲᠠᠯ᠎ᠠ ᠪᠠᠷ | ᠴᠡᠴᠡᠭᠯᠡᠭᠦ︾ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠦᠲᠦᠮᠵᠢᠲᠡᠶ ᠠᠷᠭ᠎ᠠ ᠵᠠᠮ ᠢ | ᠰᠦᠪᠡᠭᠴᠢᠯᠡᠨ ᠭᠠᠷᠭᠠᠵᠠᠢ᠃ | ᠬᠦᠳᠡᠭᠡ ᠳᠤᠰᠬᠤᠨ ᠤ ᠵᠢᠭᠤᠯᠴᠢᠯᠠᠯ ᠤᠨ ᠦᠢᠯᠡᠰ ᠢ ᠬᠦᠭᠵᠢᠬᠦᠯᠵᠦ᠂ ᠠᠷᠠᠳ ᠤᠨ ᠤᠷᠤᠯᠭ᠎ᠠ ᠶᠢ | ᠨᠡᠮᠡᠭᠳᠡᠬᠦᠯᠪᠡ᠃ ᠭᠡᠭᠡᠨᠰᠦ᠋ᠮ᠎ᠠ ᠪᠠᠯᠭᠠᠰᠤ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠡᠷᠢᠭᠦᠨ ᠤ ᠲᠤᠷᠰᠢᠯᠭ᠎ᠠ ᠶᠢ | ᠭᠦᠨᠵᠡᠭᠡᠶ ᠰᠤᠷᠤᠯᠴᠠᠨ ᠳᠡᠯᠭᠡᠷᠡᠭᠦᠯᠵᠦ᠂ ᠣᠳᠣᠬᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠪᠡᠷᠮᠢᠴᠡ ᠴᠢᠨᠠᠷ᠂ | ᠣᠨᠴᠠᠯᠢᠭᠳᠦ ᠴᠢᠨᠠᠷ ᠤᠨ ᠬᠡᠷᠡᠭᠴᠡᠭᠡ ᠱᠠᠭᠠᠷᠳᠠᠯᠭ᠎ᠠ ᠶᠢ ᠨᠢᠭᠲᠠ ᠤᠶᠠᠯᠳᠤᠭᠤᠯᠤᠨ᠂ ᠤᠤᠯ ᠤᠨ ᠪᠠᠶᠢᠭ᠎ᠠ ᠠᠷᠠᠳ ᠤᠨ | ᠪᠠᠭᠤᠳᠠᠯ ᠤᠨ ᠰᠠᠭᠤᠷᠢᠨ ᠳᠡᠭᠡᠷ᠎ᠡ᠂ ᠰᠤᠯᠠ ᠪᠠᠶᠢᠭ᠎ᠠ ᠭᠡᠷ ᠪᠠᠶᠢᠰᠢᠩ ᠪᠠ ᠣᠷᠣᠨ ᠰᠠᠭᠤᠴᠠ ᠶᠢᠨ ᠭᠠᠵᠠᠷ ᠢ | ᠡᠷᠭᠢᠯᠲᠡ ᠳᠤ ᠣᠷᠣᠭᠤᠯᠬᠤ ᠪᠠᠷ ᠳᠠᠮᠵᠢᠭᠤᠯᠤᠨ ᠥᠭᠡᠷᠡᠴᠢᠯᠡᠨ ᠰᠢᠨᠡᠳᠭᠡᠵᠦ᠂ ᠠᠷᠠᠳ ᠤᠨ ᠪᠠᠭᠤᠳᠠᠯ ᠤᠨ | ᠪᠦᠯᠦᠭᠯᠡᠯ ᠢ ᠪᠦᠷᠢᠯᠳᠦᠭᠦᠯᠬᠦ ᠶᠢᠨ ᠬᠠᠮᠲᠤ ᠣᠯᠠᠨ ᠡᠰᠢᠵᠢᠭᠰᠡᠨ ᠦᠢᠯᠡᠴᠢᠯᠡᠭᠡ ᠪᠠ ᠣᠨᠴᠠᠯᠢᠭᠲᠤ ᠪᠡᠶᠡᠴᠢᠯᠡᠨ | ᠣᠶᠢᠯᠠᠭᠠᠬᠤ ᠪᠦᠲᠦᠭᠡᠭᠳᠡᠬᠦᠨ ᠢ ᠭᠠᠷᠭᠠᠵᠤ᠂ ᠲᠠᠷᠢᠶᠠᠯᠠᠩ ᠤᠨ ᠶᠠᠪᠤᠳᠠᠯ ᠤᠨ ᠠᠵᠢᠯᠯᠠᠭ᠎ᠠ᠂ ᠡᠴᠢᠭᠡ ᠡᠬᠡ ᠨᠢ ᠦᠷ᠎ᠡ | ᠬᠡᠤᠬᠡᠳ ᠲᠠᠢ ᠪᠠᠨ ᠬᠠᠷᠢᠯᠴᠠᠨ ᠬᠥᠳᠡᠯᠦᠯᠴᠡᠬᠦ ᠵᠡᠷᠭᠡ ︽ᠠᠷᠠᠳ ᠤᠨ ᠪᠠᠭᠤᠳᠠᠯ +︾ ᠤᠨ ᠵᠠᠭᠪᠤᠷ ᠢᠶᠠᠷ | ᠳᠠᠮᠵᠢᠭᠤᠯᠤᠨ᠂ ᠵᠢᠭᠤᠯᠴᠢᠯᠠᠬᠴᠢᠳ ᠤᠨ ᠪᠡᠶᠡᠴᠢᠯᠡᠨ ᠤᠶᠢᠯᠠᠭᠠᠯᠳᠠ ᠶᠢ ᠨᠡᠮᠡᠭᠳᠡᠬᠦᠯᠦᠭᠰᠡᠨ ᠪᠠᠶᠢᠨ᠎ᠠ᠃ | 2024 ᠣᠨ ᠳᠤ᠂ ᠭᠡᠭᠡᠨᠰᠦ᠋ᠮ᠎ᠠ ᠪᠠᠯᠭᠠᠰᠤ ᠶᠢᠨ ᠵᠢᠭᠤᠯᠴᠢᠯᠠᠬᠴᠢᠳ ᠢ ᠬᠦᠯᠢᠶᠡᠨ ᠠᠪᠤᠬᠰᠠᠨ ᠭᠡᠮᠵᠢᠶ᠎ᠠ | 32 ᠲᠦᠮᠡᠨ ᠬᠦᠮᠦᠨ ᠤᠳᠠᠭ᠎ᠠ ᠬᠦᠷᠴᠦ᠂ ᠵᠢᠭᠤᠯᠴᠢᠯᠠᠯ ᠤᠨ ᠦᠢᠯᠡᠰ ᠤᠨ ᠣᠷᠣᠯᠭ᠎ᠠ ᠨᠢ 40 ᠲᠦᠮᠡᠨ | ᠲᠥᠭᠦᠷᠢᠭ ᠲᠤ ᠬᠦᠷᠴᠦ᠂ ᠵᠢᠭᠤᠯᠴᠢᠯᠠᠯ ᠢᠶᠠᠷ ᠲᠠᠷᠢᠶᠠᠯᠠᠩ ᠢ ᠲᠤᠰᠠᠯᠠᠬᠤ᠂ ᠵᠢᠭᠤᠯᠴᠢᠯᠠᠯ ᠢᠶᠠᠷ ᠲᠠᠷᠢᠶᠠᠴᠢᠳ ᠢ | ᠪᠠᠶᠠᠵᠢᠭᠤᠯᠬᠤ ᠶᠢ ᠪᠡᠶᠡᠯᠡᠭᠦᠯᠪᠡ᠃ ᠤᠯᠠᠭᠠᠨᠬᠤᠲᠠ ᠬᠥᠳᠡᠭᠡ ᠠᠵᠤ ᠠᠬᠤᠢ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠵᠠᠭᠪᠤᠷ ᠢ ᠢᠳᠡᠪᠬᠢᠲᠡᠢ ᠰᠦᠪᠡᠭᠴᠢᠯᠡᠬᠦ ᠪᠠᠷ ᠳᠠᠮᠵᠢᠭᠤᠯᠤᠨ᠂ ᠬᠥᠳᠡᠭᠡ ᠠᠵᠤ ᠠᠬᠤᠢ ᠶᠢᠨ ᠡᠬᠢ | ᠪᠠᠶᠠᠯᠢᠭ ᠪᠣᠯᠤᠨ ᠥᠪᠡᠷᠮᠢᠴᠡ ᠵᠢᠭᠤᠯᠴᠢᠯᠠᠯ ᠤᠨ ᠡᠬᠢ ᠪᠠᠶᠠᠯᠢᠭ ᠢ ᠣᠷᠭᠠᠨᠢᠭ ᠢᠶᠠᠷ ᠤᠶᠠᠯᠳᠤᠭᠤᠯᠵᠤ᠂ ︽ᠲᠠᠩ | ᠭᠠᠭᠴᠠ ᠠᠵᠤ ᠦᠢᠯᠡᠰ︾ ᠠᠴᠠ ︽ᠤᠯᠠᠨ ᠡᠰᠢᠴᠢᠯᠡᠨ ᠠᠭᠤᠰᠤᠯᠴᠠᠬᠤ︾ ᠤᠨᠴᠠᠯᠢᠬᠳᠤ ᠬᠥᠭᠵᠢᠯᠲᠡ ᠶᠢᠨ | ᠵᠠᠮ ᠢᠶᠠᠷ ᠵᠠᠮᠨᠠᠵᠤ᠂ ᠬᠥᠳᠡᠭᠡ ᠠᠵᠤ ᠠᠬᠤᠢ ᠵᠢᠭᠤᠯᠴᠢᠯᠠᠯ ᠤᠨ ᠠᠭᠤᠰᠤᠯᠴᠠᠯ ᠢᠶᠠᠷ ᠲᠤᠬᠠᠢ ᠶᠢᠨ ᠭᠠᠵᠠᠷ ᠤᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠲᠠᠷᠢᠶᠠᠴᠢᠳ ᠤᠨ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠬᠤ ᠶᠢ ᠲᠠᠶᠢᠴᠢᠯᠠᠵᠦ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ | ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ | 2024 ᠣᠨ ᠳᠤ᠂ ᠤᠯᠠᠭᠠᠨᠬᠤᠲᠠ ᠠᠵᠤ ᠦᠢᠯᠡᠰ ᠢᠶᠠᠷ ᠠᠷᠠᠳ ᠢᠶᠠᠨ ᠪᠠᠶᠠᠵᠢᠭᠤᠯᠵᠤ ᠭᠠᠴᠠᠭ᠎ᠠ | ᠲᠣᠰᠬᠤᠨ ᠢ ᠬᠦᠴᠦᠷᠬᠡᠭᠵᠢᠭᠦᠯᠬᠦ ᠪᠠᠷ ᠭᠤᠣᠯ ᠰᠢᠵᠢᠮ ᠪᠣᠯᠭᠠᠵᠤ᠂ 2.2 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠨ᠂ ᠢᠯᠠᠯᠲᠠ ᠭᠠᠴᠠᠭ᠎ᠠ᠂ ᠭᠤᠤ ᠶᠢᠨ ᠠᠶᠢᠯ ᠭᠠᠴᠠᠭ᠎ᠠ᠂ ᠬᠦᠭᠵᠢᠯ ᠭᠠᠴᠠᠭ᠎ᠠ ᠵᠡᠷᠭᠡ 5 ᠭᠠᠴᠠᠭ᠎ᠠ | ᠲᠣᠰᠬᠤᠨ ᠪᠣᠯᠤᠨ ᠤᠯᠠᠭᠠᠨᠬᠤᠲᠠ ᠶᠢᠨ ᠡᠷᠬᠢᠨ ᠲᠣᠭᠤᠷᠢᠨ ᠳᠤ 42 ᠲᠦᠷᠦᠯ ᠵᠦᠢᠯ ᠢ ᠬᠡᠷᠡᠭᠵᠢᠭᠦᠯᠵᠦ᠂ ᠪᠦᠬᠦ | ᠬᠤᠳᠠ ᠶᠢᠨ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠬᠥᠭᠵᠢᠯᠲᠡ ᠶᠢ ᠵᠡᠷᠭᠡᠪᠡᠷ ᠠᠬᠢᠭᠤᠯᠵᠤ᠂ ᠨᠢᠭᠡ | ᠪᠦᠯᠦᠭ ᠪᠣᠳᠠᠲᠠᠢ ᠳᠤ ᠨᠡᠶᠢᠴᠡᠭᠰᠡᠨ᠂ ᠬᠥᠭᠵᠢᠯᠲᠡ ᠶᠢᠨ ᠣᠨᠴᠠᠯᠢᠭ ᠲᠠᠢ ᠨᠡᠶᠢᠲᠡᠯᠢᠭ ᠰᠢᠶᠠᠩ ᠪᠠᠯᠭᠠᠰᠤ᠂ ᠭᠠᠴᠠᠭ᠎ᠠ | ᠲᠣᠰᠬᠤᠨ ᠢ ᠪᠠᠶᠢᠭᠤᠯᠪᠠ᠃ | ᠤᠯᠠᠭᠠᠨᠬᠤᠲᠠ ︽ᠮᠢᠩᠭ᠎ᠠ ᠲᠦᠮᠨ ᠶᠢᠨ ᠢᠨᠵᠧᠨᠧᠷᠢᠩ︾ ᠤᠨ ᠲᠤᠷᠰᠢᠯᠭ᠎ᠠ ᠶᠢ ᠦᠷᠭᠦᠯᠵᠢᠯᠡᠨ ᠭᠦᠨᠵᠡᠭᠡᠶ | ᠰᠤᠷᠤᠯᠴᠠᠨ ᠭᠡᠷᠡᠭᠵᠢᠬᠦᠯᠵᠦ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠶᠢ ᠨᠠᠩ ᠪᠠᠲᠤ ᠪᠠᠬᠢ ᠪᠤᠯᠭᠠᠨ ᠴᠡᠴᠡᠭᠯᠡᠨ | ᠬᠥᠭᠵᠢᠭᠦᠯᠵᠦ᠂ ᠠᠷᠠᠳ ᠤᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠵᠦ ᠪᠤᠢ᠃ · ᡁᠢ ᠮᠢᠨ ᠰᠦᠨ ᠵᠢᠩ · |