| ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠲᠦᠷᠦᠭᠦᠬᠡᠨ 2024 ᠣᠨ ᠤ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠥᠨᠠᠨᠴᠢ | ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠠᠯᠪᠠᠨ ᠶᠣᠰᠣᠭᠠᠷ ᠨᠡᠶᠢᠲᠡᠯᠡᠪᠡ᠃ ︽ᠤᠯᠠᠭᠠᠨ ᠬᠠᠷ᠎ᠠ | ᠨᠡᠷᠡᠰ ᠤᠨ ᠵᠢᠭᠰᠠᠭᠠᠯᠳᠠ︾ ᠶᠢᠨ ᠥᠨᠠᠨᠴᠢ ᠢᠲᠡᠭᠡᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠬᠤ ᠪᠠᠷ ᠳᠠᠮᠵᠢᠭᠤᠯᠤᠨ᠂ ᠠᠳᠠᠯ ᠠᠬᠤᠶ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ | ᠤᠯᠠᠮ ᠨᠢᠭᠡ ᠠᠯᠬᠤᠮ ᠴᠡᠭᠴᠡᠯᠡᠨ ᠵᠢᠷᠤᠮᠵᠢᠭᠤᠯᠵᠤ᠂ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ | | ᠶᠡᠷᠦᠩᠬᠡᠶᠢᠯᠡᠨ ᠦᠨᠡᠯᠡᠨ ᠲᠣᠭᠲᠠᠭᠠᠬᠤ ᠪᠠᠷ ᠳᠡᠮᠵᠢᠨ᠂ ᠬᠢᠩᠭᠠᠨ ᠠᠶᠢᠮᠠᠭ ᠤᠨ ᠰᠢᠶᠠᠩ ᠾᠧ ᠠᠳᠠᠯ | ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 5 ᠠᠵᠤ ᠠᠬᠤᠶᠢᠯᠠᠯ ᠠᠳᠠᠯ | ᠠᠬᠤᠶ ᠶᠢᠨ ᠦᠢᠯᠡᠴᠢᠯᠡᠭᠡᠨ ᠤ ︽ᠤᠯᠠᠭᠠᠨ ᠨᠡᠷᠡᠰ ᠤᠨ ᠵᠢᠭᠰᠠᠭᠠᠯᠳᠠ︾ ᠳᠤ ᠰᠣᠩᠭᠤᠭᠳᠠᠨ ᠣᠷᠣᠵᠤ᠂ | ᠤᠯᠠᠭᠠᠨᠬᠤᠲᠠ ᠶᠢᠨ ᠴᠤᠸᠠᠩ ᠠᠨ ᠠᠳᠠᠯ ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠵᠡᠷᠭᠡ 5 ᠠᠵᠤ ᠠᠬᠤᠶᠢᠯᠠᠯ ︽ᠬᠠᠷ᠎ᠠ ᠨᠡᠷᠡᠰ ᠤᠨ ᠵᠢᠭᠰᠠᠭᠠᠯᠳᠠ︾ ᠳᠤ ᠵᠢᠭᠰᠠᠭᠠᠭᠳᠠᠪᠠ᠃ ᠣᠶᠢᠯᠠᠭᠠᠭᠰᠠᠨ ᠢᠶᠠᠷ᠂ | ︽ᠤᠯᠠᠭᠠᠨ ᠨᠡᠷᠡᠰ ᠤᠨ ᠵᠢᠭᠰᠠᠭᠠᠯᠳᠠ︾ ᠶᠢᠨ ᠠᠵᠤ ᠠᠬᠤᠶᠢᠯᠠᠯ ᠨᠢ ᠨᠠᠮ ᠤᠨ ᠪᠠᠶᠢᠭᠤᠯᠤᠯᠲᠠ ᠪᠠᠷ ᠬᠥᠲᠥᠯᠦᠨ | ᠳᠠᠭᠠᠭᠤᠯᠬᠤ᠂ ᠪᠠᠷᠢᠮᠵᠢᠶᠠᠵᠢᠭᠤᠯᠬᠤ ᠪᠠᠶᠢᠭᠤᠯᠤᠯᠲᠠ᠂ ᠪᠣᠯᠪᠠᠰᠤᠨ ᠢ ᠡᠭᠦᠳᠦᠨ ᠪᠠᠶᠢᠭᠤᠯᠬᠤ᠂ ᠠᠶᠤᠯᠭᠦᠶ | ᠦᠢᠯᠡᠳᠪᠦᠷᠢᠯᠡᠯ᠂ ᠥᠨᠠᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ᠂ ᠬᠤᠭ ᠨᠣᠪᠰᠢ ᠶᠢ ᠲᠥᠷᠥᠯ | ᠬᠤᠪᠢᠶᠠᠬᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠲᠣᠪᠤᠶᠢᠮ᠎ᠠ | ᠢᠯᠡᠷᠡᠯ ᠲᠠᠢ ᠪᠠᠶᠢᠵᠤ᠂ ᠢᠯᠠᠩᠭᠤᠶ᠎ᠠ ᠵᠠᠰᠠᠭ ᠤᠨ ᠣᠷᠳᠣᠨ ᠲᠠᠢ ᠬᠠᠮᠵᠢᠯᠴᠠᠨ ᠬᠠᠭᠤᠴᠢᠨ ᠵᠢᠵᠢᠭ ᠲᠣᠭᠤᠷᠢᠭ ᠤᠨ | ᠥᠭᠡᠷᠡᠴᠢᠯᠡᠯᠲᠡ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ ᠢᠯᠡᠳᠲᠡ ᠦᠷ᠎ᠡ ᠪᠦᠲᠦᠮᠵᠢ | ᠣᠯᠤᠭᠰᠠᠨ ᠪᠠᠶᠢᠨ᠎ᠠ᠃ | ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠣᠣ ᠫᠧᠩ ᠵᠢᠶᠦ᠋ᠨ | ᠲᠠᠨᠢᠯᠴᠠᠭᠤᠯᠤᠭᠰᠠᠨ ᠨᠢ᠂ ᠲᠣᠰ ᠤᠳᠠᠭᠠᠨ ᠤ ︽ᠤᠯᠠᠭᠠᠨ ᠬᠠᠷ᠎ᠠ ᠨᠡᠷᠡᠰ ᠤᠨ ᠵᠢᠭᠰᠠᠭᠠᠯᠳᠠ︾ ᠨᠢ ︽ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠥᠨᠠᠨᠴᠢ ᠢᠲᠡᠭᠡᠮᠵᠢ ᠶᠢᠨ ᠦᠨᠡᠯᠡᠯᠲᠡ ᠶᠢᠨ ᠬᠢᠨᠠᠯᠲᠠ | ᠬᠠᠮᠢᠶᠠᠷᠤᠯᠲᠠ ᠬᠢᠨᠠᠨ ᠰᠢᠯᠭᠠᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠦᠨᠳᠦᠰᠦᠯᠡᠵᠦ᠂ | 2024 ᠣᠨ ᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠠᠳᠠᠯ ᠠᠬᠤᠶ ᠶᠢᠨ | ᠦᠢᠯᠡᠴᠢᠯᠡᠭᠡᠨ ᠤ ᠲᠥᠪ ᠤᠨ ᠡᠳᠦᠷ ᠲᠤᠲᠤᠮ ᠤᠨ ᠪᠠᠶᠢᠴᠠᠭᠠᠯᠲᠠ ᠶᠢᠨ ᠪᠠᠶᠢᠳᠠᠯ ᠲᠠᠢ ᠤᠶᠠᠯᠳᠤᠭᠤᠯᠤᠨ | ᠶᠡᠷᠦᠩᠬᠡᠶᠢᠯᠡᠨ ᠦᠨᠡᠯᠡᠨ ᠲᠣᠭᠲᠠᠭᠠᠵᠠᠢ᠃ ︽ᠬᠠᠷ᠎ᠠ ᠨᠡᠷᠡᠰ ᠤᠨ ᠵᠢᠭᠰᠠᠭᠠᠯᠳᠠ︾ ᠶᠢᠨ ᠠᠵᠤ ᠠᠬᠤᠶᠢᠯᠠᠯ ᠢ | ᠭᠤᠤᠯᠳᠠᠯᠭ᠎ᠠ ᠲᠠᠢ ᠬᠢᠨᠠᠨ ᠬᠠᠮᠢᠶᠠᠷᠬᠤ ᠬᠡᠪᠴᠢᠶᠡᠨ ᠳᠤ ᠣᠷᠣᠭᠤᠯᠵᠤ᠂ ᠲᠠᠷᠠᠭᠠᠴᠢ ᠪᠠᠷ ᠰᠣᠩᠭᠤᠨ ᠪᠠᠶᠢᠴᠠᠭᠠᠬᠤ ᠪᠠ | ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠪᠠᠷ ᠪᠠᠷᠠᠬᠤ ᠥᠬᠡᠶ᠂ ᠪᠠᠰᠠ ᠲᠣᠰ ᠤᠳᠠᠭᠠᠨ ᠤ ᠦᠷ᠎ᠡ | ᠳ᠋ᠦᠩ ᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠦᠢᠯᠡᠰ ᠤᠨ ᠬᠤᠪᠢ ᠬᠠᠰᠤᠬᠤ ᠵᠦᠢᠯ ᠪᠣᠯᠭᠠᠨ | ᠰᠢᠢᠳᠪᠦᠷᠢᠯᠡᠵᠠᠢ᠃ ᠲᠣᠰ ᠲᠣᠪᠴᠢᠶ᠎ᠠ ᠪᠠᠰᠠ ᠪᠥᠬᠦ ᠨᠡᠶᠢᠭᠡᠮ ᠳᠤ ᠠᠳᠠᠯ ᠠᠬᠤᠶ ᠶᠢᠨ ᠦᠢᠯᠡᠴᠢᠯᠡᠭᠡᠨ ᠤ | ᠰᠦᠪᠡᠭᠴᠢ ᠶᠢ ᠴᠤᠭᠯᠠᠭᠤᠯᠬᠤ ᠠᠯᠪᠠᠨ ᠵᠠᠷ ᠨᠡᠶᠢᠲᠡᠯᠡᠵᠦ᠂ ᠣᠯᠠᠨ ᠲᠦᠮᠡᠨ ᠤ ᠵᠠᠭᠠᠯᠳᠤᠭᠰᠠᠨ ᠠᠰᠠᠭᠤᠳᠠᠯ ᠢ ᠨᠢᠭᠡᠳ | ᠨᠢᠭᠡ ᠪᠠᠷ ᠬᠢᠨᠠᠨ ᠬᠠᠷᠭᠤᠭᠤᠯᠵᠤ᠂ ᠴᠢᠬᠤᠯᠠ ᠶᠡᠭᠡ ᠠᠰᠠᠭᠤᠳᠠᠯ ᠣᠷᠣᠰᠢᠵᠤ ᠪᠠᠶᠢᠬᠤ ᠮᠥᠷᠲᠡᠭᠡᠨ ᠴᠡᠭᠴᠡᠯᠡᠨ | ᠰᠠᠶᠢᠵᠢᠷᠠᠭᠤᠯᠬᠤ ᠳᠤ ᠬᠠᠮᠵᠢᠯᠴᠠᠬᠤ ᠥᠬᠡᠶ ᠪᠤᠶᠤ ᠴᠡᠭᠴᠡᠯᠡᠨ ᠰᠠᠶᠢᠵᠢᠷᠠᠭᠤᠯᠬᠤ ᠪᠠᠷ ᠬᠦᠷᠦᠯᠴᠡᠬᠦ ᠥᠬᠡᠶ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ︽ᠢᠯᠭᠠᠷᠠᠭᠤᠯᠤᠨ ᠪᠤᠴᠠᠭᠠᠬᠤ︾ ᠠᠷᠭ᠎ᠠ ᠪᠠᠷ | ᠰᠢᠢᠳᠪᠦᠷᠢᠯᠡᠬᠦ ᠪᠠᠷ ᠲᠥᠯᠥᠪᠯᠡᠵᠦ ᠪᠣᠶ᠃ | ᠵᠣᠣ ᠫᠧᠩ ᠵᠢᠶᠦ᠋ᠨ᠄ ︽︿ᠢᠲᠡᠭᠡᠯ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ᠂ ᠢᠲᠡᠭᠡᠯ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ﹀ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠬᠤ ᠪᠠᠷ | ᠳᠠᠮᠵᠢᠭᠤᠯᠤᠨ᠂ ᠠᠳᠠᠯ ᠠᠬᠤᠶ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠪᠦᠲᠦᠮᠵᠢᠲᠡᠶ | ᠳᠡᠭᠡᠭᠰᠢᠯᠡᠬᠦᠯᠦᠨ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ | ᠬᠦ ᠨᠡᠮᠡᠭᠳᠡᠭᠦᠯᠵᠦ᠂ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠳᠤ ᠬᠦᠴᠦᠲᠡᠶ | ᠲᠦᠰᠢᠭ ᠲᠤᠯᠭᠠᠭᠤᠷᠢ ᠬᠠᠩᠭᠠᠨ᠎ᠠ︾ ᠭᠡᠵᠦ ᠢᠯᠡᠷᠬᠡᠶᠢᠯᠡᠵᠦ ᠪᠠᠶᠢᠯ᠎ᠠ᠃ ︵ᠯᠢ ᠤᠭ᠍ᠶᠦ︶ | | | | |