| ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠡᠬᠢ ᠪᠠᠶᠠᠯᠢᠭ ᠤᠨ ᠲᠠᠪᠠᠭᠤᠯᠢᠭ ᠲᠠᠭᠠᠨ ᠰᠠᠭᠤᠷᠢᠯᠠᠨ᠂ | ᠲᠠᠷᠢᠶᠠᠴᠢᠳ ᠢ ᠳᠠᠶᠢᠴᠢᠯᠠᠨ ᠠᠵᠤ ᠠᠬᠤᠢ ᠶᠢᠨ ᠪᠦᠳᠤᠴᠠ ᠳᠤᠨᠢ ᠲᠤᠬᠢᠷᠠᠭᠤᠯᠤᠯᠳᠠ ᠬᠢᠵᠤ᠂ ᠲᠠᠷᠢᠵᠤ | ᠤᠷᠭᠤᠭᠤᠯᠬᠤ ᠮᠡᠷᠭᠡᠵᠢᠯ ᠪᠠ ᠪᠤᠷᠤᠯᠠᠭᠤᠯᠬᠤ ᠠᠷᠭ᠎ᠠ ᠵᠠᠮ ᠢ ᠨᠢ ᠰᠢᠯᠢᠳᠡᠭᠵᠢᠬᠦᠯᠵᠤ᠂ ᠬᠦᠯᠡᠮᠵᠢ ᠶᠢᠨ ᠠᠵᠤ | ᠠᠬᠤᠢ ᠶᠢ ᠬᠦᠭᠵᠢᠬᠦᠯᠤᠨ ᠠᠷᠠᠳ ᠤᠨ ᠠᠮᠢᠳᠤᠷᠠᠯ ᠢ ᠪᠠᠶᠠᠵᠢᠭᠤᠯᠵᠤ ᠪᠤᠢ᠃ | ᠤᠯᠠᠭᠠᠨᠬᠤᠳᠠ ᠶᠢᠨ ᠢᠯᠠᠯᠳᠠ ᠪᠠᠯᠭᠠᠰᠤᠨ ᠤ ᠢᠯᠡᠯᠳᠠ ᠭᠠᠴᠠᠭᠠᠨ ᠤ 6 ᠳ᠋ᠤᠭᠠᠷ ᠨᠤᠮᠧᠷᠳᠤ ᠬᠦᠯᠡᠮᠵᠢ ᠳᠤ᠂ | ᠬᠦᠵᠡᠯᠵᠡᠭᠡᠨ᠎ᠠ ᠶᠢᠨ ᠰᠠᠶᠢᠬᠠᠨ ᠦᠨᠤᠷ ᠬᠠᠩᠬᠤᠯᠤᠨ᠂ ᠵᠢᠭᠤᠯᠴᠢᠯᠠᠭᠰᠠᠳ ᠰᠠᠭᠰᠤ ᠲᠤᠬᠤᠶᠢᠯᠠᠨ ᠬᠦᠵᠡᠯᠵᠡᠭᠡᠨ᠎ᠠ | ᠳᠡᠭᠦᠨ᠎ᠡ᠃ | ᠤᠯᠠᠭᠠᠨᠬᠤᠳᠠ ᠶᠢᠨ ᠠᠷᠠᠳ ᠳ᠋ᠠᠩ ᠺᠠᠨ᠄ ︽ᠡ᠊ᠨᠳᠠ ᠬᠦᠵᠡᠯᠵᠡᠭᠡᠨ᠎ᠠ ᠲᠡᠬᠦᠬᠦ ᠬᠦᠷᠢᠶᠡᠯᠡᠩ ᠪᠠᠶᠢᠬᠤ ᠶᠢ | ᠰᠤᠨᠤᠰᠤᠭᠠᠳ ᠬᠦᠵᠡᠯᠵᠡᠭᠡᠨ᠎ᠠ ᠲᠡᠬᠦᠬᠦ ᠪᠠᠷ ᠢᠷᠡᠵᠠᠢ᠂ ᠡ᠊ᠨᠳᠠᠬᠢ ᠬᠦᠵᠡᠯᠵᠡᠭᠡᠨ᠎ᠠ ᠶᠢᠨ ᠲᠦᠷᠤᠯ ᠵᠦᠢᠯ ᠤᠯᠠᠨ | ᠮᠦᠷᠳᠡᠬᠡᠨ ᠠᠮᠳᠠᠳᠠᠢ᠂ ᠭᠡᠷ ᠤᠨ ᠬᠦᠮᠤᠰ ᠲᠠᠢ ᠪᠠᠨ ᠬᠠᠮᠳᠤ ᠬᠦᠵᠡᠯᠵᠡᠭᠡᠨ᠎ᠠ ᠲᠡᠬᠦᠬᠦ ᠶᠢ ᠪᠡᠶᠡᠳᠠᠨ ᠤᠶᠢᠯᠠᠭᠠᠪᠠ︾ | ᠭᠡᠪᠠ᠃ | ︽ᠮᠠᠨ ᠤ ᠭᠡᠷ ᠨᠡᠶᠢᠳᠠ ᠭᠤᠷᠪᠠᠨ ᠬᠦᠯᠡᠮᠵᠢ ᠲᠠᠢ᠂ ᠬᠦᠯᠡᠮᠵᠢ ᠪᠦᠷᠢ ᠳᠤ 1 ᠲᠦᠮᠡᠨ ᠬᠦᠵᠡᠯᠵᠡᠭᠡᠨ᠎ᠠ ᠶᠢᠨ | ᠴᠢᠬᠢ ᠪᠤᠶᠢᠵᠢᠭᠤᠯᠵᠤ᠂ 4 ᠲᠦᠷᠤᠯ ᠵᠦᠢᠯ ᠪᠠᠶᠢᠳᠠᠭ᠂ ᠨᠢᠭᠡ ᠬᠦᠯᠡᠮᠵᠢ ᠠᠴᠠ 8 ᠲᠦᠮᠡ ᠰᠢᠬᠠᠮ ᠲᠦᠬᠦᠷᠢᠭ ᠤᠨ | ᠤᠷᠤᠯᠭ᠎ᠠ ᠡᠬᠦᠳᠴᠤ ᠴᠢᠳᠠᠨ᠎ᠠ︾ ᠭᠡᠵᠤ ᠬᠦᠵᠡᠯᠵᠡᠭᠡᠨ᠎ᠠ ᠶᠢᠨ ᠬᠦᠯᠡᠮᠵᠢ ᠡᠵᠡᠩᠨᠡᠭᠴᠢ ᠰᠢ ᠺᠧ ᠰᠢᠨ | ᠲᠠᠨᠢᠯᠴᠠᠭᠤᠯᠤᠨ᠎ᠠ᠃ | ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠤᠨ ᠤ ᠢᠳᠡᠰᠢᠨ ᠨᠤᠭᠤᠭ᠎ᠠ ᠶᠢᠨ ᠬᠦᠯᠡᠮᠵᠢ ᠳᠤ ᠲᠠᠷᠢᠮᠠᠯ ᠤᠨ | ᠡᠷᠤᠬᠡ ᠠᠴᠠ ᠪᠦᠬᠦ ᠬᠤᠳᠠ ᠶᠢᠨ ᠰᠦᠯᠵᠢᠶᠡᠨ ᠲᠡᠭᠡᠷ᠎ᠠ ᠠᠴᠠ ᠵᠠᠬᠢᠶᠠᠯᠠᠭᠰᠠᠨ ᠢᠳᠡᠰᠢᠨ ᠨᠤᠭᠤᠭ᠎ᠠ ᠶᠢᠨ ᠲᠠᠩᠰᠠ ᠶᠢ | ᠪᠤᠭᠤᠳᠠᠯᠯᠠᠨ ᠶᠠᠭᠠᠷᠠᠯᠳᠤᠨ᠎ᠠ᠃ ᠡᠬᠦᠨ ᠤ ᠬᠠᠮᠳᠤ᠂ ᠤᠯᠠᠭᠠᠨᠬᠤᠳᠠ ᠶᠢᠨ ᠨᠢᠭᠡᠨ ᠰᠤᠯᠠ ᠪᠠᠷ ᠪᠤᠷᠤᠯᠠᠭᠤᠯᠬᠤ | ᠲᠡᠯᠭᠡᠬᠦᠷ ᠤᠨ ᠦᠪᠠᠷ ᠢᠶᠠᠨ ᠤᠴᠢᠵᠤ ᠠᠪᠬᠤ ᠴᠡᠭ ᠤᠨ ᠰᠢᠷᠡᠭᠡᠨ ᠲᠡᠭᠡᠷ᠎ᠠ ᠬᠤᠳᠠ ᠶᠢᠨ ᠠᠷᠠᠳ ᠤᠨ ᠬᠤᠳᠠᠯᠳᠤᠨ | ᠠᠪᠤᠭᠰᠠᠨ ᠰᠢᠨ᠎ᠡ ᠰᠤᠷᠭᠤᠭ ᠢᠳᠡᠰᠢᠨ ᠨᠤᠭᠤᠭ᠎ᠠ ᠶᠢ ᠲᠠᠯᠪᠢᠵᠤ᠂ ᠡᠳ᠋ ᠪᠠᠷᠠᠭ᠎ᠠ ᠪᠠᠨ ᠠᠪᠬᠤ ᠪᠠᠷ ᠢᠷᠡᠭᠰᠡᠨ | ᠰᠠᠭᠤᠭᠠᠯᠢ ᠠᠷᠠᠳ ᠵᠠᠬᠢᠶᠠᠯᠠᠭ᠎ᠠ ᠶᠢᠨ ᠲᠠᠩᠰᠠ ᠶᠢᠨ ᠰᠤᠷᠠᠭ ᠵᠠᠩᠬᠢ ᠪᠠᠨ ᠬᠠᠷᠭᠤᠭᠤᠯᠤᠭᠰᠠᠨ ᠤ ᠲᠠᠷᠠᠭ᠎ᠠ ᠦᠪᠠᠷ ᠤᠨ | ᠵᠠᠬᠢᠶᠠᠯᠠᠭᠰᠠᠨ ᠢᠳᠡᠰᠢᠨ ᠨᠤᠭᠤᠭ᠎ᠠ ᠪᠠᠨ ᠠᠪᠠᠴᠢᠨ᠎ᠠ᠃ | ᠪᠤᠷᠤᠯᠠᠭᠤᠯᠬᠤ ᠠᠷᠭ᠎ᠠ ᠵᠠᠮ ᠢᠶᠠᠨ ᠦᠷᠭᠡᠳᠭᠡᠨ᠂ ᠰᠠᠭᠤᠭᠠᠯᠢ ᠠᠷᠠᠳ ᠤᠨ ᠬᠤᠳᠠᠯᠳᠤᠨ ᠠᠪᠬᠤ ᠳᠤ ᠨᠡᠩ | ᠲᠦᠬᠦᠮ ᠦᠵᠡᠬᠦᠯᠵᠤ᠂ ᠵᠢᠮᠢᠰ ᠨᠤᠭᠤᠭ᠎ᠠ ᠶᠢ ᠬᠠᠮᠤᠭ ᠲᠦᠷᠭᠡᠨ ᠬᠤᠷᠳᠤᠴᠠ᠂ ᠰᠢᠨ᠎ᠠ ᠰᠤᠷᠭᠤᠭ ᠢᠶᠠᠷ ᠬᠤᠳᠠ ᠶᠢᠨ | ᠠᠷᠠᠳ ᠲᠤ ᠬᠦᠷᠭᠡᠬᠦ ᠪᠠᠷ᠂ ᠭᠡᠭᠡᠨᠰᠦ᠋ᠮ᠎ᠠ ᠪᠠᠯᠭᠠᠰᠤ ᠰᠦᠯᠵᠢᠶᠡᠨ ᠲᠡᠭᠡᠷ᠎ᠠ ᠪᠤᠷᠤᠯᠠᠭᠤᠯᠬᠤ ᠬᠡᠯᠪᠡᠷᠢ ᠶᠢ ᠢᠳᠡᠪᠬᠢᠳᠠᠢ | ᠡᠬᠦᠳᠪᠡ᠃ ︽ᠸᠢᠴᠠᠲ ᠲᠠᠪᠴᠠᠩ ᠳᠤ ᠵᠢᠮᠢᠰ ᠨᠤᠭᠤᠭ᠎ᠠ ᠵᠠᠬᠢᠶᠠᠯᠠᠬᠤ ᠦᠢᠯᠡᠴᠢᠯᠡᠭᠡ ᠬᠠᠩᠭᠠᠬᠤ ᠨᠢ ᠨᠢᠭᠡ | ᠲᠠᠯ᠎ᠠ ᠪᠠᠷ ᠰᠠᠭᠤᠭᠠᠯᠢ ᠠᠷᠠᠳ ᠤᠨ ᠬᠤᠳᠠᠯᠳᠤᠨ ᠠᠪᠬᠤ ᠱᠠᠭᠠᠷᠳᠠᠯᠭ᠎ᠠ ᠶᠢ ᠬᠠᠩᠭᠠᠭᠰᠠᠨ ᠢᠶᠠᠷ ᠪᠠᠷᠠᠬᠤ ᠦᠭᠡᠢ | ᠨᠦᠬᠦᠭᠡ ᠲᠠᠯ᠎ᠠ ᠪᠠᠷ ᠲᠠᠷᠢᠮᠠᠯ ᠤᠨ ᠡᠷᠤᠬᠡ ᠶᠢᠨ ᠪᠤᠷᠤᠯᠠᠭᠤᠯᠭ᠎ᠠ ᠶᠢᠨ ᠵᠠᠮ ᠢ ᠦᠷᠭᠡᠳᠭᠡᠵᠤ ᠴᠢᠳᠠᠨ᠎ᠠ᠃ ᠤᠳᠤᠬᠠᠨ ᠤ | ᠪᠠᠶᠢᠳᠠᠯ ᠠᠴᠠ ᠦᠵᠡᠪᠡᠯ᠂ ᠦᠷ᠎ᠠ ᠪᠦᠳᠤᠮᠵᠢ ᠨᠡᠯᠢᠶᠡᠳ ᠰᠠᠶᠢᠨ︾ ᠭᠡᠵᠤ ᠭᠡᠭᠡᠨᠰᠦ᠋ᠮ᠎ᠠ ᠪᠠᠯᠭᠠᠰᠤᠨ ᠤ ᠠᠷᠠᠳ ᠤᠨ | ᠲᠦᠯᠤᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ ᠨᠢᠣ ᠴᠢ ᠮᠢᠩ ᠲᠠᠨᠢᠯᠴᠠᠭᠤᠯᠤᠨ᠎ᠠ᠃ ᠤᠯᠠᠭᠠᠨᠬᠤᠳᠠ ᠶᠢᠨ | ᠭᠡᠭᠡᠨᠰᠦ᠋ᠮ᠎ᠠ ᠪᠠᠯᠭᠠᠰᠤ ᠵᠢᠮᠢᠰ ᠨᠤᠭᠤᠭ᠎ᠠ ᠬᠦᠷᠭᠡᠬᠦ ᠶᠠᠪᠤᠴᠠ ᠪᠠᠨ ᠰᠢᠯᠢᠳᠡᠭᠵᠢᠬᠦᠯᠤᠨ᠂ ᠴᠠᠭ ᠢᠶᠠᠨ ᠪᠠᠭᠠᠰᠬᠠᠵᠤ᠂ | ᠵᠢᠮᠢᠰ ᠨᠤᠭᠤᠭ᠎ᠠ ᠶᠢᠨ ᠲᠦᠷᠤᠯ ᠢᠶᠠᠨ ᠪᠠᠶᠠᠯᠢᠭᠵᠢᠭᠤᠯᠤᠨ᠂ ᠨᠡᠩ ᠤᠯᠠᠨ ᠤᠨᠴᠠᠯᠢᠭᠳᠤ ᠲᠠᠷᠢᠶᠠᠯᠠᠩ ᠤᠨ | ᠪᠦᠳᠤᠭᠡᠭᠳᠡᠬᠦᠨ ᠢ ᠤᠷᠤᠭᠤᠯᠵᠤ᠂ ᠠᠷᠠᠳ ᠲᠤ ᠲᠦᠬᠦᠮ ᠦᠢᠯᠡᠴᠢᠯᠡᠭᠡ ᠬᠠᠩᠭᠠᠵᠤ ᠪᠤᠢ᠃ ᠮᠧᠩ ᠶᠢᠩ ᠫᠢᠩ ᠯᠢ | ᠮᠡᠳᠡᠭᠡᠯᠡᠪᠡ | |