| ᠦᠢᠷ᠎ᠠ ᠶᠢᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ︽ᠮᠦᠰᠦ ᠴᠠᠰᠦ + ᠬᠠᠯᠠᠭᠤᠨ ᠷᠠᠰᠢᠶᠠᠨ︾ ᠵᠡᠷᠭᠡ | ᠦᠪᠡᠷᠮᠢᠴᠡ ᠡᠬᠢ ᠪᠠᠶᠠᠯᠢᠭ ᠲᠠᠭᠠᠨ ᠲᠦᠰᠢᠭᠯᠡᠨ᠂ ︽ᠠᠶᠠᠯᠭᠤᠳᠤ ᠵᠢᠭᠤᠯᠴᠢᠯᠠᠯ ᠦᠪᠦᠷ ᠮᠤᠩᠭᠤᠯ ᠲᠤᠮᠤᠬᠳᠤ | ᠷᠠᠰᠢᠶᠠᠨ︾ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠡᠷᠡᠳᠤ ᠲᠡᠮᠳᠡᠭ ᠢ ᠪᠤᠢ ᠪᠤᠯᠭᠠᠵᠦ᠂ ᠤᠷᠤᠨ ᠨᠤᠳᠤᠭ ᠤᠨ | ᠤᠨᠴᠠᠯᠢᠭ ᠲᠠᠭᠠᠨ ᠳᠤᠬᠢᠷᠠᠭᠤᠯᠤᠨ ᠰᠤᠶᠤᠯ ᠵᠢᠭᠤᠯᠴᠢᠯᠠᠯ ᠤᠨ ᠵᠠᠬ᠎ᠠ ᠲᠡᠯᠬᠡᠬᠦᠷ ᠢ ᠶᠡᠬᠡᠪᠠᠷ ᠬᠦᠭᠵᠢᠭᠦᠯᠵᠤ ᠪᠠᠶᠢᠨ᠎ᠠ᠃ | | 2024 ᠤᠨ ᠤ 11 ᠰᠠᠷ᠎ᠠ ᠶᠢᠨ 10 ᠤ ᠡᠳᠦᠷ ᠠᠴᠠ 2025 ᠤᠨ ᠤ 3 ᠰᠠᠷ᠎ᠠ ᠶᠢᠨ 30 ᠤ ᠡᠳᠦᠷ | ᠪᠤᠯᠳᠠᠯ᠎ᠠ᠂ ᠪᠦᠬᠦ ᠠᠶᠢᠮᠠᠭ ᠤᠯᠤᠰ ᠤᠨ ᠲᠤᠳᠤᠭᠠᠳᠤ ᠶᠢᠨ 1144.06 ᠲᠦᠮᠡᠨ ᠵᠢᠭᠤᠯᠴᠢᠯᠠᠭᠴᠢ ᠶᠢ ᠬᠦᠯᠢᠶᠡᠨ | ᠤᠭᠳᠤᠵᠤ᠂ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 23.63% ᠪᠠᠷ ᠨᠡᠮᠡᠭᠳᠡᠵᠦ᠂ 94. | 37 ᠳ᠋ᠦ᠋ᠩᠰᠢᠭᠤᠷ ᠲᠦᠬᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠡᠬᠦᠳᠴᠦ᠂ ᠦᠡᠭᠭᠡᠷᠡᠭᠰᠡᠨ ᠬᠤᠭᠤᠴᠠᠭ᠎ᠠ ᠲᠠᠢ | ᠠᠳᠠᠯᠢᠳᠬᠠᠪᠠᠯ 15.03% ᠪᠠᠷ ᠨᠡᠮᠡᠭᠳᠡᠪᠡ᠃ | ᠰᠤᠶᠤᠯ ᠵᠢᠭᠤᠯᠴᠢᠯᠠᠯ ᠤᠨ ᠵᠠᠬ᠎ᠠ ᠲᠡᠯᠬᠡᠬᠦᠷ ᠬᠦᠷ ᠬᠦᠭᠵᠢᠶᠡᠨ ᠢᠶᠠᠷ ᠪᠢᠯᠬᠠᠬᠰᠠᠨ ᠢᠶᠠᠷ ᠪᠠᠷᠠᠬᠤ ᠦᠬᠡᠢ | ᠰᠤᠳᠤᠯᠤᠨ ᠰᠤᠷᠤᠯᠴᠠᠬᠤ ᠵᠢᠭᠤᠯᠴᠢᠯᠠᠯ ᠴᠤ ᠬᠦᠭᠵᠢᠶᠡᠨ ᠲᠠᠢ ᠪᠤᠯᠵᠦ ᠢᠷᠡᠪᠡ᠃ ᠬᠢᠨᠭ᠍ᠭᠠᠨ ᠠᠶᠢᠮᠠᠭ ᠪᠦᠬᠦ | ᠤᠯᠤᠰ ᠤᠨ ᠬᠠᠮᠤᠭ ᠠᠩᠬᠠᠨ ᠤ ᠴᠦᠬᠡᠨ ᠲᠤᠭᠠᠳᠤ ᠦᠨᠳᠦᠰᠦᠳᠡᠨ ᠤ ᠦᠪᠡᠷᠳᠡᠬᠡᠨ ᠵᠠᠰᠠᠬᠤ ᠵᠠᠰᠠᠭ ᠤᠨ ᠤᠷᠳᠤᠨ | ᠪᠠᠶᠢᠭᠤᠯᠤᠬᠳᠠᠬᠰᠠᠨ ᠭᠠᠵᠠᠷ ᠪᠤᠯᠤᠬᠰᠠᠨ ᠤ ᠬᠤᠪᠢ ᠳᠤ᠂ ︽5 · 1︾ ᠬᠤᠷᠠᠯ ᠤᠨ ᠬᠡᠷ᠂ ᠦᠪᠦᠷ ᠮᠤᠩᠭᠤᠯ ᠤᠨ | ᠦᠨᠳᠦᠰᠦᠳᠡᠨ ᠤ ᠴᠢᠯᠦᠬᠡᠯᠡᠯᠳᠡ ᠶᠢᠨ ᠲᠤᠷᠠᠰᠬᠠᠯ ᠤᠨ ᠤᠷᠳᠤᠨ᠂ ᠤᠯᠠᠭᠠᠨᠬᠦᠦ ᠶᠢᠨ ᠠᠵᠢᠯᠯᠠᠵᠤ ᠪᠠᠶᠢᠭᠰᠠᠨ ᠭᠠᠵᠠᠷ | ᠪᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠠᠵᠢᠯ ᠤᠨ ᠵᠦᠪᠯᠡᠯ ᠤᠨ ᠠᠯᠪᠠᠯᠠᠵᠤ | ᠪᠠᠶᠢᠬᠰᠠᠨ ᠬᠠᠭᠤᠴᠢᠨ ᠪᠠᠭᠤᠷᠢ ᠪᠠᠷ ᠭᠤᠤᠯ ᠪᠤᠯᠭᠠᠬᠰᠠᠨ ᠬᠤᠪᠢᠰᠬᠠᠯᠳᠤ ᠵᠢᠭᠤᠯᠴᠢᠯᠠᠯ ᠤᠨ ᠵᠢᠬᠰᠠᠭᠠᠯ ᠤᠨ | ᠭᠠᠵᠠᠷ ᠨᠢ ᠨᠢᠬᠡᠨᠳᠡ ᠬᠢᠨᠭ᠍ᠭᠠᠨ ᠠᠶᠢᠮᠠᠭ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠬᠢᠯᠠᠰ ᠴᠡᠭ ᠪᠤᠯᠤᠬᠰᠠᠨ | ᠪᠠᠶᠢᠨ᠎ᠠ᠃ | ︽ᠨᠢᠬᠡ ᠤᠷᠳᠤᠨ ᠭᠤᠷᠪᠠᠨ ᠬᠠᠭᠤᠴᠢᠨ ᠪᠠᠭᠤᠷᠢ︾ ᠨᠢ ᠤᠯᠤᠰ ᠢᠶᠠᠨ ᠬᠠᠶᠢᠷᠠᠯᠠᠬᠤ ᠦᠵᠡᠯ ᠤᠨ | ᠬᠦᠮᠦᠵᠢᠯ ᠤᠨ ᠴᠢᠬᠤᠯᠠ ᠰᠠᠭᠤᠷᠢᠨ ᠭᠠᠵᠠᠷ ᠪᠤᠯᠤᠬᠰᠠᠨ ᠤ ᠬᠤᠪᠢ ᠳᠤ᠂ ᠤᠷᠢᠳ ᠬᠤᠵᠢᠳ ︽ᠪᠦᠬᠦ ᠤᠯᠤᠰ ᠤᠨ | ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ︾᠂ ︽ᠪᠦᠬᠦ | ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠤᠨ ᠰᠠᠭᠤᠷᠢᠨ ᠭᠠᠵᠠᠷ︾᠂ ︽ᠪᠦᠬᠦ | ᠤᠯᠤᠰ ᠤᠨ ᠤᠯᠤᠰ ᠤᠨ ᠪᠠᠳᠦᠯᠠᠨ ᠬᠠᠮᠠᠭᠠᠯᠠᠯᠳᠠ ᠶᠢᠨ ᠬᠦᠮᠦᠵᠢᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ︾᠂ | ︽ᠪᠦᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠨᠠᠮ ᠤᠨ ᠲᠡᠤᠬᠡ ᠤᠯᠤᠰ ᠤᠨ ᠲᠡᠤᠬᠡ ᠶᠢᠨ | ᠬᠦᠮᠦᠵᠢᠯ ᠤᠨ ᠰᠠᠭᠤᠷᠢᠨ ᠭᠠᠵᠠᠷ︾᠂ ︽ᠪᠦᠬᠦ ᠤᠯᠤᠰ ᠤᠨ ᠬᠤᠪᠢᠰᠬᠠᠯᠳᠤ ᠵᠢᠭᠤᠯᠴᠢᠯᠠᠯ ᠤᠨ ᠤᠬᠢ ᠰᠢᠯᠢᠳᠡᠭ | ᠵᠠᠮ ᠱᠤᠭᠤᠮ︾ ᠵᠡᠷᠭᠡ ᠢᠷᠠᠭᠤ ᠠᠯᠳᠠᠷ ᠢ ᠬᠦᠷᠳᠡᠵᠦ᠂ ᠬᠤᠪᠢᠰᠬᠠᠯᠳᠤ ᠰᠤᠶᠤᠯ ᠤᠨ ᠬᠦᠮᠦᠵᠢᠯ ᠤᠨ ᠴᠢᠳᠠᠪᠬᠢ ᠪᠠᠨ | ᠪᠦᠷᠢᠮᠦᠰᠦᠨ ᠪᠠᠳᠠᠷᠠᠭᠤᠯᠵᠦ᠂ ᠬᠢᠨᠭ᠍ᠭᠠᠨ ᠠᠶᠢᠮᠠᠭ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠨᠡᠷ᠎ᠡ ᠶᠢᠨ | ᠬᠠᠭᠤᠳᠠᠰᠦ ᠶᠢ ᠨᠡᠩ ᠶᠡᠭᠡ ᠠᠯᠳᠠᠷᠰᠢᠭᠤᠯᠵᠦ ᠪᠠᠶᠢᠨ᠎ᠠ᠃ | ᠡᠨᠡ ᠵᠢᠯ ᠠᠴᠠ ᠨᠠᠭᠠᠰᠢ᠂ ᠪᠦᠬᠦ ᠠᠶᠢᠮᠠᠭ ᠰᠤᠳᠤᠯᠤᠨ ᠰᠤᠷᠤᠯᠴᠠᠬᠤ 66 ᠪᠦᠯᠬᠦᠮ ᠤᠨ 7619 | ᠬᠦᠮᠦᠨ ᠢ ᠬᠦᠯᠢᠶᠡᠨ ᠠᠪᠴᠠᠢ᠃ ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠤᠯᠤᠰ ᠤᠨ | ᠰᠤᠳᠤᠯᠤᠨ ᠰᠤᠷᠤᠯᠴᠠᠬᠤ ᠵᠢᠭᠤᠯᠴᠢᠯᠠᠯ ᠪᠠ ᠬᠡᠪ ᠴᠢᠨᠠᠷ ᠤᠨ ᠰᠤᠷᠭᠠᠨ ᠬᠦᠮᠦᠵᠢᠯ ᠤᠨ ᠲᠤᠬᠠᠢ ᠤᠷᠢᠶᠠᠯᠠᠭ᠎ᠠ ᠶᠢ | ᠢᠳᠡᠪᠬᠢᠳᠡᠢ ᠴᠤᠤᠷᠢᠶᠠᠳᠤᠨ ᠲᠠᠭᠠᠵᠦ᠂ ᠰᠤᠳᠤᠯᠤᠨ ᠰᠤᠷᠤᠯᠴᠠᠬᠤ ᠦᠢᠯᠡᠳᠦᠯᠬᠡ ᠬᠦᠮᠦᠵᠢᠯ ᠤᠨ ᠠᠵᠢᠯᠯᠠᠭ᠎ᠠ | ᠦᠷᠨᠢᠬᠦᠯᠵᠦ᠂ ᠬᠢᠨᠭ᠍ᠭᠠᠨ ᠠᠶᠢᠮᠠᠭ ᠤᠨ ᠰᠤᠶᠤᠯ ᠵᠢᠭᠤᠯᠴᠢᠯᠠᠯ ᠤᠨ ᠠᠵᠦ ᠦᠢᠯᠡᠰ ᠪᠠ ᠰᠤᠷᠭᠠᠨ ᠬᠦᠮᠦᠵᠢᠯ ᠤᠨ | ᠦᠢᠯᠡᠰ ᠤᠨ ᠬᠦᠨᠵᠡᠬᠡᠢ ᠠᠭᠤᠰᠤᠯᠴᠠᠯ ᠢ ᠠᠬᠢᠭᠤᠯᠵᠠᠢ᠃ | ᠰᠢᠨ᠎ᠠ ᠠᠷᠭ᠎ᠠ ᠠᠪᠴᠠᠯ ᠢ ᠬᠡᠷᠡᠭᠵᠢᠬᠦᠯᠵᠦ ᠬᠢᠨᠭ᠍ᠭᠠᠨ ᠠᠶᠢᠮᠠᠭ ᠤᠨ ᠰᠤᠳᠤᠯᠤᠨ ᠰᠤᠷᠤᠯᠴᠠᠬᠤ | ᠵᠢᠭᠤᠯᠴᠢᠯᠠᠯ ᠤᠨ ᠬᠤᠯᠪᠤᠭ᠎ᠠ ᠶᠢ ᠵᠢᠯᠤᠭᠤᠳᠤᠨ ᠪᠠᠶᠢᠭᠤᠯᠤᠬᠰᠠᠨ ᠪᠦᠭᠡᠳ ᠪᠠᠰᠠ ᠬᠢᠨᠭ᠍ᠭᠠᠨ ᠠᠶᠢᠮᠠᠭ ᠤᠨ ᠰᠤᠳᠤᠯᠤᠨ | ᠰᠤᠷᠤᠯᠴᠠᠬᠤ ᠵᠢᠭᠤᠯᠴᠢᠯᠠᠯ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠲᠤᠬᠳᠠᠭᠠᠨ᠂ ᠠᠶᠢᠮᠠᠭ ᠤᠨ ᠲᠡᠰ ᠤᠨ ᠰᠤᠳᠤᠯᠤᠨ | ᠰᠤᠷᠤᠯᠴᠠᠬᠤ ᠵᠢᠭᠤᠯᠴᠢᠯᠠᠯ ᠤᠨ ᠪᠠᠷᠢᠮᠵᠢᠶ᠎ᠠ ᠳᠤ ᠨᠡᠶᠢᠴᠡᠭᠰᠡᠨ 14 ᠵᠢᠭᠤᠯᠴᠢᠯᠠᠯ ᠤᠨ ᠬᠤᠳᠠᠯᠳᠤᠭᠠᠴᠢᠨ ᠵᠢᠴᠢ | ᠠᠶᠢᠮᠠᠭ ᠤᠨ ᠲᠡᠰ ᠤᠨ 22 ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠢ ᠰᠤᠩᠭᠤᠨ ᠭᠠᠷᠭᠠᠪᠠ᠃ | ᠵᠢᠷᠭᠤᠭᠠᠨ ᠶᠡᠭᠡ ᠭᠤᠤᠯ ᠰᠡᠳᠤᠪ᠂ 16 ᠰᠤᠳᠤᠯᠤᠨ ᠰᠤᠷᠤᠯᠴᠠᠬᠤ ᠵᠢᠭᠤᠯᠴᠢᠯᠠᠯ ᠤᠨ ᠦᠢᠯᠡᠳᠬᠦᠨ ᠭᠠᠷᠭᠠᠵᠦ᠂ | ᠰᠤᠳᠤᠯᠤᠨ ᠰᠤᠷᠤᠯᠴᠠᠬᠤ ᠬᠢᠴᠢᠶᠡᠯ ᠳᠡᠭᠡᠨ ᠬᠢᠨᠭ᠍ᠭᠠᠨ ᠠᠶᠢᠮᠠᠭ ᠤᠨ ᠬᠤᠪᠢᠰᠬᠠᠯᠳᠤ ᠰᠤᠶᠤᠯ᠂ ᠲᠠᠷᠢᠶᠠᠯᠠᠬᠤ ᠰᠤᠶᠤᠯ | ᠪᠠ ᠲᠠᠯ᠎ᠠ ᠨᠤᠳᠤᠭ ᠤᠨ ᠰᠤᠶᠤᠯ ᠵᠡᠷᠭᠡ ᠤᠮᠠᠷᠠᠳᠤ ᠬᠢᠯᠢ ᠶᠢᠨ ᠰᠤᠶᠤᠯ ᠤᠨ ᠠᠭᠤᠯᠭ᠎ᠠ ᠶᠢ ᠠᠭᠤᠰᠤᠯᠴᠠᠭᠤᠯᠵᠠᠢ᠃ | ᠡᠬᠦᠨ ᠤ ᠬᠠᠮᠳᠤ ᠪᠠᠰᠠ᠂ ᠰᠤᠷᠭᠠᠨ ᠬᠦᠮᠦᠵᠢᠯ ᠤᠨ ᠠᠴᠢ ᠬᠤᠯᠪᠤᠬᠳᠠᠯ ᠪᠦᠬᠦᠢ ᠰᠤᠶᠤᠯ ᠢ ᠪᠡᠶᠡᠴᠢᠯᠡᠨ ᠤᠶᠢᠯᠠᠭᠠᠬᠤ | ᠠᠵᠢᠯᠯᠠᠭ᠎ᠠ ᠦᠷᠨᠢᠬᠦᠯᠵᠦ᠂ ᠡᠯ᠎ᠡ ᠬᠤᠰᠢᠭᠤ ᠰᠢᠶᠠᠨ ᠬᠤᠳᠠ ᠪᠠᠷ ᠴᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ | ᠬᠦᠭᠵᠢᠶᠡᠨ ᠲᠠᠢ ᠪᠠᠶᠢᠳᠠᠯ ᠢᠯᠡᠷᠡᠵᠡᠢ᠃ | ᠡᠮᠦᠨᠡᠬᠡᠨ ᠬᠤᠷᠠᠯᠳᠤᠭᠤᠯᠤᠬᠰᠠᠨ ᠵᠡᠬᠦᠨ ᠬᠤᠶᠢᠳᠤ ᠶᠢᠨ ᠭᠤᠷᠪᠠᠨ ᠮᠤᠵᠢ ᠵᠢᠴᠢ ᠦᠪᠦᠷ ᠮᠤᠩᠭᠤᠯ ᠤᠨ | ᠵᠡᠬᠦᠨ ᠬᠡᠰᠡᠭ ᠭᠠᠵᠠᠷ ᠤᠷᠤᠨ ᠤ ᠬᠠᠪᠦᠷ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ ᠵᠤᠯᠭᠠᠭᠤᠯᠬᠤ | ᠬᠤᠷᠠᠯ ᠲᠡᠭᠡᠷ᠎ᠡ᠂ ᠬᠢᠨᠭ᠍ᠭᠠᠨ ᠠᠶᠢᠮᠠᠭ ᠤᠨ ᠰᠤᠳᠤᠯᠤᠨ ᠰᠤᠷᠤᠯᠴᠠᠬᠤ ᠬᠦᠭᠵᠢᠯᠳᠡ ᠶᠢᠨ ᠰᠢᠨ᠎ᠠ ᠲᠦᠯᠦᠪᠯᠡᠭᠡ ᠶᠢ | ᠵᠢᠷᠤᠬᠯᠠᠵᠦ᠂ ᠬᠦᠮᠦᠰ ᠬᠢᠨᠭ᠍ᠭᠠᠨ ᠠᠶᠢᠮᠠᠭ ᠤᠨ ᠰᠤᠳᠤᠯᠤᠨ ᠰᠤᠷᠤᠯᠴᠠᠬᠤ ᠰᠠᠶᠢᠨ ᠰᠠᠶᠢᠬᠠᠨ ᠢᠷᠡᠭᠡᠳᠦᠢ ᠶᠢ ᠤᠯᠵᠦ | ᠬᠠᠷᠠᠵᠠᠢ᠃ | ᠬᠢᠨᠭ᠍ᠭᠠᠨ ᠠᠶᠢᠮᠠᠭ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠬᠤᠯᠪᠤᠭ᠎ᠠ ᠶᠢᠨ ᠨᠠᠷᠢᠨ ᠪᠢᠴᠢᠭ ᠤᠨ | ᠲᠠᠷᠤᠭ᠎ᠠ ᠸᠠᠩ ᠮᠸᠢ᠄ ︽ᠪᠢᠳᠡ ᠡᠨᠡᠬᠦ ᠠᠵᠠ ᠲᠤᠬᠢᠶᠠᠯ ᠢ ᠠᠮᠵᠢᠵᠦ᠂ ᠬᠢᠨᠭ᠍ᠭᠠᠨ ᠠᠶᠢᠮᠠᠭ ᠤᠨ ᠰᠤᠳᠤᠯᠤᠨ | ᠰᠤᠷᠤᠯᠴᠠᠬᠤ ᠪᠠᠶᠢᠳᠠᠯ ᠢ ᠨᠡᠩ ᠤᠯᠠᠨ ᠵᠢᠭᠤᠯᠴᠢᠯᠠᠯ ᠤᠨ ᠬᠤᠷᠢᠶᠠᠨ ᠳᠤ ᠲᠠᠨᠢᠯᠴᠠᠭᠤᠯᠵᠦ᠂ ᠬᠢᠨᠭ᠍ᠭᠠᠨ ᠠᠶᠢᠮᠠᠭ ᠤᠨ | ᠰᠤᠳᠤᠯᠤᠨ ᠰᠤᠷᠤᠯᠴᠠᠬᠤ ᠵᠠᠬ᠎ᠠ ᠲᠡᠯᠬᠡᠬᠦᠷ ᠢ ᠪᠤᠵᠠᠭᠠᠶᠢᠷᠠᠭᠤᠯᠤᠨ᠎ᠠ︾ ᠬᠡᠵᠦ ᠢᠳᠡᠬᠡᠯ ᠲᠡᠭᠦᠯᠳᠡᠷ ᠶᠠᠷᠢᠵᠦ ᠪᠠᠶᠢᠯ᠎ᠠ᠃ | ᠬᠢᠨᠭ᠍ᠭᠠᠨ ᠠᠶᠢᠮᠠᠭ ᠵᠠᠰᠠᠭ ᠤᠨ ᠤᠷᠳᠤᠨ ᠠᠴᠠ ᠬᠠᠷᠢᠴᠠᠭ᠎ᠠ ᠪᠠᠶᠢᠭᠤᠯᠤᠨ ᠠᠵᠦ ᠠᠬᠤᠶᠢᠯᠠᠯ ᠤᠷᠤᠯᠴᠠᠬᠤ ᠶᠢ | ᠪᠠᠷᠢᠮᠳᠠᠯᠠᠵᠦ᠂ ᠰᠤᠳᠤᠯᠤᠨ ᠰᠤᠷᠤᠯᠴᠠᠬᠤ ᠠᠵᠦ ᠠᠬᠤᠶᠢᠯᠠᠯ ᠤᠨ ᠵᠢᠭᠤᠯᠴᠢᠯᠠᠬᠴᠢᠳ ᠤᠷᠢᠬᠤ᠂ ᠵᠠᠬ᠎ᠠ | ᠲᠡᠯᠬᠡᠬᠦᠷ ᠢᠶᠠᠨ ᠦᠷᠭᠡᠳᠬᠡᠬᠦ ᠳᠤ ᠲᠡᠮᠵᠢᠯᠬᠡ ᠦᠵᠡᠬᠦᠯᠵᠡᠢ᠃ 2024 ᠤᠨ ᠳᠤ᠂ ᠪᠡᠬᠡᠵᠢᠩ ᠬᠤᠳᠠ ᠶᠢᠨ | ᠹᠤᠨᠩᠲ᠋ᠠᠢ ᠲᠤᠭᠤᠷᠢᠭ ᠤᠨ ᠦᠬᠡᠷᠡᠴᠢᠯᠡᠯᠳᠡ ᠬᠦᠭᠵᠢᠬᠦᠯᠦᠯᠳᠡ ᠶᠢᠨ ᠵᠦᠪᠯᠡᠯ ᠤᠨ ᠲᠡᠮᠵᠢᠯᠬᠡ ᠪᠠᠷ᠂ ᠰᠤ᠋ ᠮᠠ ᠲᠤ | ᠰᠤᠷᠭᠠᠨ ᠬᠦᠮᠦᠵᠢᠯ ᠤᠨ ᠪᠦᠯᠦᠭᠯᠡᠯ ᠨᠢ ᠠᠵᠦ ᠦᠢᠯᠡᠰ ᠤᠨ ᠬᠡᠯᠬᠢᠶ᠎ᠡ ᠶᠢᠨ ᠡᠬᠢ ᠪᠠᠶᠠᠯᠢᠭ ᠢ ᠨᠡᠶᠢᠳᠬᠡᠵᠦ᠂ ᠵᠠᠯᠠᠶᠢᠳ | ᠬᠤᠰᠢᠭᠤ ᠲᠠᠢ ᠬᠠᠮᠵᠢᠯᠴᠠᠨ ᠰᠤᠯᠠ ᠡᠬᠢ ᠪᠠᠶᠠᠯᠢᠭ ᠢ ᠠᠰᠢᠬᠯᠠᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ | ᠨᠡᠬᠡᠬᠡᠵᠦ᠂ ᠴᠢᠨᠠᠷ ᠰᠠᠶᠢᠳᠠᠢ ᠰᠤᠳᠤᠯᠤᠨ ᠰᠤᠷᠤᠯᠴᠠᠬᠤ ᠬᠠᠮᠵᠢᠯᠴᠠᠭᠠᠨ ᠤ ᠲᠦᠷᠦᠯ ᠵᠦᠢᠯ ᠢ ᠬᠠᠮᠳᠤᠪᠡᠷ ᠪᠠᠶᠢᠭᠤᠯᠵᠠᠢ | ᠃ ᠤᠳᠤ ᠪᠤᠯᠳᠠᠯ᠎ᠠ᠂ ᠰᠤ᠋ ᠮᠠ ᠲᠤ ᠰᠤᠷᠭᠠᠨ ᠬᠦᠮᠦᠵᠢᠯ ᠤᠨ ᠪᠦᠯᠦᠭᠯᠡᠯ ᠬᠢᠨᠭ᠍ᠭᠠᠨ ᠠᠶᠢᠮᠠᠭ ᠲᠤ ᠨᠢᠬᠡᠨᠳᠡ 5 | ᠬᠤᠭᠤᠴᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠵᠦ᠂ ᠪᠡᠬᠡᠵᠢᠩ ᠦᠪᠦᠷ ᠮᠤᠩᠭᠤᠯ ᠤᠨ ᠰᠤᠷᠭᠠᠨ | ᠬᠦᠮᠦᠵᠢᠯ ᠰᠤᠶᠤᠯ ᠤᠨ ᠰᠤᠯᠢᠯᠴᠠᠭ᠎ᠠ ᠪᠠ ᠰᠤᠷᠭᠠᠨ ᠬᠦᠮᠦᠵᠢᠯ ᠤᠨ ᠬᠦᠷᠢᠶᠡᠨ ᠤ ᠬᠠᠮᠵᠢᠯᠴᠠᠭ᠎ᠠ ᠬᠦᠭᠵᠢᠯᠳᠡ ᠶᠢ | ᠠᠬᠢᠭᠤᠯᠵᠠᠢ᠃ ︵ᠢ ᠰᠢᠤ ᠰᠢᠦ︶ | | | | |