| ︵ᠰᠤᠷᠪᠤᠯᠵᠢᠯᠠᠬᠴᠢ ᠡᠤ ᠰᠡᠷᠬᠦᠯᠡᠩ︶ ᠬᠡᠷ ᠤᠨ ᠠᠬᠠᠮᠡᠳ ᠲᠤ ᠬᠡᠤᠬᠡᠳ ᠤᠳ ᠤᠨ ᠰᠤᠷᠭᠠᠭᠤᠯᠢ ᠶᠢᠨ | ᠬᠦᠷᠢᠶᠡᠨ ᠳᠠᠬᠢ ᠰᠤᠷᠤᠯᠴᠠᠯᠭ᠎ᠠ ᠠᠮᠢᠳᠦᠷᠠᠯ ᠢ ᠬᠦᠨᠵᠡᠬᠡᠢ ᠤᠶᠢᠯᠠᠭᠠᠭᠤᠯᠬᠤ ᠪᠠᠷ᠂ 4 ᠰᠠᠷ᠎ᠠ ᠶᠢᠨ 3 ᠤ ᠡᠳᠦᠷ᠂ | ᠬᠢᠨᠭ᠍ᠭᠠᠨ ᠠᠶᠢᠮᠠᠭ ᠤᠨ ᠤᠯᠠᠭᠠᠨᠬᠤᠳᠠ ᠪᠠᠭ᠎ᠠ ᠰᠤᠷᠭᠠᠭᠤᠯᠢ ᠬᠡᠷ ᠤᠨ ᠠᠬᠠᠮᠡᠳ ᠤᠨ ᠴᠢᠯᠦᠬᠡᠳᠦ ᠡᠳᠦᠷ ᠤᠨ | ᠠᠵᠢᠯᠯᠠᠭ᠎ᠠ ᠦᠷᠨᠢᠬᠦᠯᠵᠡᠢ᠃ | ᠦᠳᠡ ᠶᠢᠨ ᠡᠮᠦᠨ᠎ᠡ᠂ ᠬᠡᠷ ᠤᠨ ᠠᠬᠠᠮᠡᠳ ᠬᠡᠤᠬᠡᠳ ᠤᠳ ᠲᠠᠢ ᠪᠠᠨ ᠬᠠᠮᠳᠤ ᠬᠢᠴᠢᠶᠡᠯ ᠤᠷᠤᠵᠦ᠂ | ᠲᠡᠳᠡᠨ ᠤ ᠰᠤᠷᠭᠠᠭᠤᠯᠢ ᠶᠢᠨ ᠬᠦᠷᠢᠶᠡᠨ ᠳᠤ ᠰᠤᠷᠤᠯᠴᠠᠵᠦ ᠪᠠᠶᠢᠭ᠎ᠠ ᠪᠠᠶᠢᠳᠠᠯ᠂ ᠪᠠᠭᠰᠢ ᠶᠢᠨ ᠬᠢᠴᠢᠶᠡᠯᠯᠡᠵᠦ ᠪᠠᠶᠢᠭ᠎ᠠ | ᠪᠠᠶᠢᠳᠠᠯ᠂ ᠬᠢᠴᠢᠶᠡᠯ ᠤᠨ ᠭᠠᠳᠠᠨᠠᠬᠢ ᠬᠦᠳᠡᠯᠬᠡᠬᠡᠨ ᠳᠤ ᠤᠷᠤᠯᠴᠠᠵᠦ ᠪᠠᠶᠢᠭ᠎ᠠ ᠪᠠᠶᠢᠳᠠᠯ ᠵᠡᠷᠭᠡ ᠶᠢ ᠬᠦᠨᠵᠡᠬᠡᠢ | ᠤᠶᠢᠯᠠᠭᠠᠵᠠᠢ᠃ ᠲᠠᠷᠠᠭ᠎ᠠ ᠨᠢ᠂ ᠬᠡᠷ ᠤᠨ ᠠᠬᠠᠮᠡᠳ ᠬᠡᠤᠬᠡᠳ ᠤᠳ ᠲᠠᠢ ᠪᠠᠨ ᠬᠠᠮᠳᠤ ᠲᠠᠮᠢᠷ ᠤᠨ ᠲᠠᠯᠠᠪᠦᠷ ᠲᠤ | ᠬᠦᠷᠴᠦ᠂ ᠲᠡᠭᠡᠰᠦ ᠦᠰᠦᠷᠬᠦ᠂ ᠭᠠᠷ ᠠᠯᠴᠢᠭᠤᠷ ᠬᠠᠶᠠᠬᠤ ᠵᠡᠷᠭᠡ ᠲᠤᠬᠯᠠᠭᠠᠮ ᠨᠠᠭᠠᠳᠤᠬᠰᠠᠨ ᠪᠦᠭᠡᠳ | ᠬᠡᠤᠬᠡᠳ ᠢᠶᠠᠨ ᠲᠠᠭᠠᠵᠦ ᠤᠷᠠᠨ ᠬᠠᠳᠬᠤᠮᠠᠯ ᠰᠤᠨᠢᠷᠬᠠᠬᠤ᠂ ᠮᠤᠷᠢᠨ ᠬᠤᠭᠤᠷ ᠤᠨ ᠬᠦᠭᠵᠢᠮ ᠰᠤᠨᠤᠰᠬᠤ ᠵᠡᠷᠭᠡ | ᠠᠵᠢᠯᠯᠠᠭ᠎ᠠ ᠳᠤ ᠤᠷᠤᠯᠴᠠᠵᠠᠢ᠃ | ᠦᠳᠡ ᠶᠢᠨ ᠬᠤᠶᠢᠨ᠎ᠠ ᠨᠢ᠂ ᠬᠡᠷ ᠤᠨ ᠠᠬᠠᠮᠡᠳ ᠤᠨ ᠬᠤᠷᠠᠯ ᠬᠢᠵᠦ᠂ ᠪᠠᠭᠰᠢᠨᠠᠷ ᠠᠴᠠ ᠰᠤᠷᠤᠬᠴᠢᠳ ᠤᠨ | ᠡᠳᠦᠷ ᠲᠤᠳᠤᠮ ᠤᠨ ᠠᠮᠢᠳᠦᠷᠠᠯ ᠲᠤᠮᠳᠠᠬᠢ ᠠᠮᠦᠷ ᠲᠦᠪᠰᠢᠨ ᠤ ᠬᠦᠮᠦᠵᠢᠯ᠂ ᠰᠡᠳᠬᠢᠴᠡ ᠶᠢᠨ ᠬᠦᠮᠦᠵᠢᠯ ᠵᠡᠷᠭᠡ ᠶᠢ | ᠬᠡᠷᠬᠢᠨ ᠴᠢᠬᠤᠯᠠᠴᠢᠯᠠᠬᠤ ᠲᠤᠬᠠᠢ ᠲᠠᠶᠢᠯᠪᠦᠷᠢᠯᠡᠵᠦ᠂ ᠰᠤᠷᠭᠠᠭᠤᠯᠢ ᠪᠤᠯᠤᠨ ᠬᠡᠷ ᠤᠨ ᠠᠬᠠᠮᠡᠳ ᠤᠨ ᠬᠤᠭᠤᠷᠤᠨᠳᠤᠬᠢ | ᠬᠠᠷᠢᠯᠴᠠᠭ᠎ᠠ ᠶᠢ ᠨᠢᠬᠳᠠᠷᠠᠭᠤᠯᠵᠦ᠂ ᠬᠠᠮᠳᠤᠪᠡᠷ ᠬᠡᠤᠬᠡᠳ ᠤᠳ ᠤᠨ ᠡᠷᠡᠬᠦᠯ ᠢᠶᠠᠷ ᠦᠰᠦᠨ ᠪᠤᠶᠢᠵᠢᠬᠤ ᠶᠢ | ᠠᠬᠢᠭᠤᠯᠵᠠᠢ᠃ | | |