ᠤᠯᠠᠭᠠᠨᠬᠤᠲᠠ ᠣᠨᠴᠠᠭᠠᠶ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/11
        4 ᠰᠠᠷ᠎ᠠ ᠶᠢᠨ 9 ᠤ ᠡᠳᠦᠷ᠂ ᠤᠯᠠᠭᠠᠨᠬᠤᠲᠠ ᠣᠨᠴᠠᠭᠠᠶ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠵᠦ᠂ ᠬᠤᠲᠠ ᠶᠢᠨ ᠳᠡᠳ᠋ ᠳᠠᠷᠤᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃        ᠬᠤᠷᠠᠯ ᠳᠡᠭᠡᠷ᠎ᠡ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠶᠢᠷ᠎ᠠ ᠶᠢᠨ ᠬᠤᠭᠤᠴᠠᠭᠠᠨ ᠤ ᠴᠠᠰᠤ ᠪᠣᠷᠣᠭᠠᠨ᠂ ᠬᠦᠢᠲᠡᠨ ᠤᠷᠤᠰᠬᠠᠯ ᠵᠢᠴᠢ ᠶᠡᠭᠡ ᠰᠠᠯᠬᠢ ᠲᠠᠢ ᠴᠠᠭ ᠠᠭᠤᠷ ᠤᠨ ᠪᠠᠶᠢᠳᠠᠯ ᠢ ᠮᠡᠳᠡᠭᠳᠡᠪᠡ᠃ ᠮᠠ ᠮᠧᠩ ᠲᠣᠰ ᠡᠭᠡᠯᠵᠢ ᠶᠢᠨ ᠲᠦᠢᠯ ᠤᠨ ᠴᠠᠭ ᠠᠭᠤᠷ ᠢ ᠠᠷᠭᠠᠴᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠤᠢᠢᠷ᠎ᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠠᠭᠠᠷ ᠤᠨ ᠳᠤᠯᠠᠭᠠᠨ ᠦᠷᠭᠦᠯᠵᠢᠯᠡᠨ ᠬᠡᠯᠪᠡᠯᠵᠡᠯ ᠭᠠᠷᠴᠤ᠂ ᠡᠯ᠎ᠡ ᠲᠦᠷᠦᠯ ᠤᠨ ᠭᠠᠮᠰᠢᠭ᠂ ᠡ᠊ᠡᠳᠡᠯ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠪᠥᠬᠦ ᠬᠤᠲᠠ ᠶᠢᠨ ᠡᠯ᠎ᠡ ᠱᠠᠲᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠨᠴᠠᠭᠠᠶ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠵᠦ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠬᠤᠲᠠ ᠶᠢᠨ ᠠᠵᠢᠯᠯᠠᠭᠠᠨ ᠤ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠴᠠᠭ ᠠᠭᠤᠷ ᠤᠨ ᠮᠡᠳᠡᠭᠡ ᠵᠠᠩᠭᠢ ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠨᠢᠭᠲᠠᠯᠠᠵᠤ᠂ ᠴᠠᠭ ᠠᠭᠤᠷ᠂ ᠵᠠᠮ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠭ ᠢᠮᠠᠭᠲᠠ ᠰᠡᠷᠡᠮᠵᠢ ᠲᠠᠢ ᠪᠠᠶᠢᠵᠤ᠂ ᠠᠵᠢᠯᠲᠠᠨ᠂ ᠲᠣᠨᠤᠭ ᠲᠥᠬᠦᠭᠡᠷᠦᠮᠵᠢ ᠪᠣᠯᠤᠨ ᠮᠠᠰᠢᠨ ᠮᠧᠬᠠᠨᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠤᠲᠠ ᠶᠢᠨ ᠭᠤᠤᠯ ᠤᠨ ᠵᠠᠮ ᠤᠨ ᠮᠥᠰᠥ ᠴᠠᠰᠤ ᠶᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠴᠠᠰᠤ ᠣᠷᠣᠪᠠᠯ ᠳᠠᠷᠦ᠋ᠢᠬᠠᠨ ᠠᠷᠢᠯᠭᠠᠵᠤ᠂ ᠳᠠᠷᠦ᠋ᠢᠬᠠᠨ ᠴᠡᠪᠡᠷᠯᠡᠵᠦ ᠳᠠᠷᠦ᠋ᠢᠬᠠᠨ ᠵᠥᠭᠡᠭᠡᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ ᠰᠤᠷᠭᠠᠨ ᠬᠥᠮᠦᠵᠢᠯ ᠤᠨ ᠲᠣᠪᠴᠢᠶ᠎ᠠ ᠲᠣᠮᠤ ᠭᠤᠯᠳᠤᠩᠲᠤ ᠪᠦᠲᠦᠴᠡᠲᠦ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠵᠡᠷᠭᠡ ᠠᠶᠤᠯ ᠲᠦᠭᠰᠢᠭᠦᠷᠢ ᠲᠠᠢ ᠪᠠᠷᠢᠯᠭ᠎ᠠ ᠳᠤ ᠪᠥᠬᠦ ᠲᠠᠯ᠎ᠠ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠷᠢᠶᠠᠴᠢᠨ ᠡᠷᠦᠬᠡ ᠶᠢ ᠵᠢᠯᠣᠭᠤᠳᠤᠨ ᠬᠦᠯᠡᠮᠵᠢ ᠶᠢ ᠪᠠᠬᠢᠵᠢᠭᠦᠯᠬᠦ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠮᠠᠯ ᠤᠨᠤᠭ᠎ᠠ ᠳᠠᠭᠠᠷᠠᠵᠤ ᠤᠰᠤᠭᠤᠬᠤ ᠠᠴᠠ ᠰᠡᠷᠭᠡᠶᠢᠯᠡᠬᠦ ᠵᠡᠷᠭᠡ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠣᠨᠴᠠᠭᠠᠶ ᠴᠠᠭ ᠠᠭᠤᠷ ᠠᠴᠠ ᠪᠤᠯᠵᠤ ᠠᠵᠤ ᠠᠬᠤᠢ ᠶᠢᠨ ᠬᠤᠬᠢᠷᠠᠯ ᠳᠤ ᠤᠴᠠᠷᠠᠬᠤ ᠠᠴᠠ ᠵᠠᠶᠢᠯᠠᠰᠬᠢᠬᠦ ᠬᠡᠷᠡᠭᠲᠡᠢ᠃ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠢ ᠴᠢᠩᠭᠠᠳᠬᠠᠵᠤ᠂ ᠠᠪᠤᠷᠠᠨ ᠲᠤᠰᠠᠯᠠᠬᠤ ᠬᠦᠴᠦᠨ᠂ ᠲᠣᠨᠤᠭ ᠲᠥᠬᠦᠭᠡᠷᠦᠮᠵᠢ ᠪᠠ ᠡᠳ᠋ ᠪᠣᠳᠠᠰ ᠢ ᠤᠷᠢᠳᠴᠢᠯᠠᠨ ᠲᠣᠬᠢᠷᠠᠭᠤᠯᠵᠤ᠂ ᠡᠯ᠎ᠡ ᠲᠥᠷᠥᠯ ᠤᠨ ᠭᠡᠨᠡᠳᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号