| ᠬᠠᠪᠤᠷ ᠤᠨ ᠤᠯᠠᠷᠢᠯ ᠤᠨ ᠤᠢ ᠰᠢᠭᠤᠢ ᠪᠠ ᠨᠤᠳᠤᠬ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ | ᠰᠠᠶᠢᠲᠤᠷ ᠬᠢᠵᠦ᠂ ᠤᠢ ᠰᠢᠭᠤᠢ ᠶᠢᠨ ᠡᠬᠢ ᠪᠠᠶᠠᠯᠢᠭ ᠪᠣᠯᠤᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠢ ᠦᠨᠡᠨ ᠬᠦ ᠪᠠᠲᠤᠯᠠᠬᠤ ᠪᠠᠷ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠡᠷᠲᠡ ᠲᠥᠯᠥᠪᠵᠢᠭᠦᠯᠤᠨ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠲᠣᠭᠤᠷᠢᠨ ᠴᠠᠭᠳᠠᠵᠤ ᠰᠡᠷᠭᠡᠶᠢᠯᠡᠨ | ᠡᠵᠡᠮᠳᠡᠬᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠤᠬᠠᠭᠤᠯᠭ᠎ᠠ ᠬᠥᠮᠦᠵᠢᠯ ᠵᠡᠷᠭᠡ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠬᠠᠪᠤᠷ ᠤᠨ ᠤᠯᠠᠷᠢᠯ ᠤᠨ ᠤᠢ ᠰᠢᠭᠤᠢ ᠪᠠ ᠨᠤᠳᠤᠬ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠮᠤᠷ | ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠤ ᠪᠠᠶᠢᠨ᠎ᠠ᠃ | ︽ᠲᠠ ᠡᠨᠡᠬᠦ ᠤᠢ ᠰᠢᠭᠤᠢ ᠪᠠ ᠨᠤᠳᠤᠬ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ | ᠬᠠᠭᠤᠳᠠᠰᠤ ᠶᠢ ᠡᠷᠬᠡᠪᠰᠢ ᠨᠠᠷᠢᠨ ᠨᠢᠮᠪᠠᠶ ᠤᠩᠰᠢᠭᠠᠷᠠᠢ᠂ ᠬᠡᠭᠡᠷ᠎ᠡ ᠭᠠᠳᠠᠨ᠎ᠠ ᠭᠠᠯ ᠬᠡᠷᠡᠭᠯᠡᠵᠦ ᠪᠣᠯᠬᠤ ᠥᠬᠡᠶ᠂ | ᠭᠠᠯ ᠤᠨ ᠠᠶᠤᠯ ᠡᠭᠦᠰᠭᠦ ᠠᠴᠠ ᠵᠠᠶᠢᠯᠠᠰᠭᠢᠬᠦ ᠬᠡᠷᠡᠭᠲᠡᠶ︾ ᠭᠡᠵᠦ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ | ᠳᠤᠪᠴᠢᠶ᠎ᠠ ᠶᠢᠨ ᠪᠠᠶᠠᠨᠬᠤᠸᠠ ᠤᠢ ᠰᠢᠭᠤᠢ ᠶᠢᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠴᠠᠬᠳᠠᠭ᠎ᠠ ᠭᠠᠴᠠᠭ᠎ᠠ | ᠳᠤᠰᠬᠤᠨ ᠢᠶᠠᠷ ᠬᠦᠨᠵᠡᠭᠡᠶᠢᠷᠡᠨ ᠤᠬᠠᠭᠤᠯᠭ᠎ᠠ ᠬᠢᠨ᠎ᠠ᠃ 4 ᠰᠠᠷ᠎ᠠ ᠶᠢᠨ 7 ᠤ ᠡᠳᠦᠷ᠂ ᠤᠯᠠᠭᠠᠨᠬᠤᠳᠠ ᠶᠢᠨ | ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠪᠠᠶᠠᠨᠬᠤᠸᠠ ᠤᠢ ᠰᠢᠭᠤᠢ ᠶᠢᠨ ᠳᠤᠳᠤᠭᠠᠳᠦ ᠶᠢ ᠬᠠᠮᠠᠭᠠᠯᠠᠬᠤ | ᠰᠠᠯᠪᠤᠷᠢ ᠶᠢᠨ ᠴᠠᠬᠳᠠᠭ᠎ᠠ ᠨᠠᠷ ᠭᠠᠴᠠᠭ᠎ᠠ ᠳᠤᠰᠬᠤᠨ᠂ ᠲᠠᠷᠢᠶᠠᠨ ᠭᠠᠵᠠᠷ᠂ ᠠᠭᠤᠯᠠᠨ ᠭᠠᠵᠠᠷ ᠣᠶ ᠰᠢᠭᠤᠢ ᠶᠢᠨ | ᠣᠷᠣᠨ ᠢᠶᠠᠷ ᠭᠦᠨᠵᠡᠭᠡᠶᠢᠷᠡᠨ᠂ ᠭᠠᠯ ᠲᠦᠢᠮᠡᠷ ᠤᠨ ᠠᠶᠤᠯ ᠲᠦᠭᠰᠢᠬᠦᠷᠢ ᠶᠢᠨ ᠳᠠᠯᠳᠠ ᠬᠡᠮ ᠢ ᠵᠢᠬᠰᠠᠭᠠᠨ | ᠪᠠᠶᠢᠴᠠᠭᠠᠵᠤ ᠴᠡᠭᠴᠡᠯᠡᠨ ᠵᠠᠰᠠᠵᠠᠢ᠃ | ᠤᠶᠢᠷ᠎ᠠ ᠶᠢᠨ ᠡᠳᠦᠷ ᠤᠳ ᠲᠤ᠂ ᠲᠦᠴᠢᠦᠸᠠᠨ ᠰᠢᠶᠠᠨ ᠤ ᠳᠣᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ | ᠲᠠᠶᠢᠫᠢᠩ ᠰᠢᠶᠠᠩ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠬᠠᠷᠢᠶᠠᠲᠤ ᠣᠷᠣᠨ ᠤ | ᠵᠡᠭᠡᠯᠢ ᠭᠤᠳᠤᠮᠵᠢ᠂ ᠭᠤᠣᠯᠳᠠᠯᠭ᠎ᠠ ᠲᠠᠢ ᠨᠢᠭᠡᠴᠢ ᠪᠣᠯᠤᠨ ᠠᠵᠢᠯ ᠲᠦᠷᠦᠯ ᠤᠨ ᠲᠠᠯᠠᠪᠤᠷ ᠲᠤ ᠭᠦᠨᠵᠡᠭᠡᠶᠢᠷᠡᠵᠦ᠂ | ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠶᠠᠷᠢᠵᠦ ᠳᠠᠶᠢᠯᠪᠤᠷᠢᠯᠠᠬᠤ ᠪᠠᠷ ᠳᠠᠮᠵᠢᠭᠤᠯᠵᠤ᠂ ᠤᠯᠠᠨ | ᠲᠦᠮᠡᠨ ᠳᠤ ᠭᠠᠯ ᠲᠦᠢᠮᠡᠷ ᠢ ᠰᠡᠷᠭᠡᠶᠢᠯᠡᠬᠦ ᠮᠡᠳᠡᠯᠭᠡ ᠵᠢᠴᠢ ᠪᠠᠴᠢᠮ ᠪᠠᠶᠢᠳᠡᠯ ᠢ ᠠᠷᠭᠠᠴᠠᠭᠠᠨ ᠦᠪᠡᠷ ᠪᠤᠰᠤᠳ ᠢ | ᠠᠪᠤᠷᠠᠨ ᠳᠤᠰᠠᠯᠠᠬᠤ ᠮᠡᠳᠡᠯᠭᠡ ᠶᠢ ᠤᠯᠠᠮᠵᠢᠯᠠᠪᠠ᠃ ᠮᠦᠨ ᠴᠤ ᠪᠠᠰᠠ ᠬᠤᠯᠪᠣᠭᠳᠠᠯ ᠪᠦᠬᠦᠢ ᠨᠢᠭᠡᠴᠢ ᠪᠠ ᠲᠠᠯᠠᠪᠤᠷ | ᠭᠠᠵᠠᠷ ᠲᠠᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ | ᠂ ᠡᠳᠦᠷ ᠲᠤᠳᠤᠮ ᠤᠨ ᠬᠠᠮᠢᠶᠠᠷᠤᠯᠲᠠ ᠶᠢᠨ ᠲᠦᠷᠢᠮ ᠢᠶᠠᠨ ᠴᠢᠩᠭ᠎ᠠ ᠨᠠᠶᠢᠳᠠᠪᠤᠷᠢᠵᠢᠭᠤᠯᠤᠨ᠂ ᠭᠠᠯ ᠤᠨ ᠠᠶᠤᠯ ᠢ | ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ ᠲᠤᠨᠤᠭ ᠲᠥᠬᠦᠭᠡᠷᠦᠮᠵᠢ ᠪᠠᠨ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠶᠢ ᠴᠢᠩᠭ᠎ᠠ ᠱᠠᠭᠠᠷᠳᠠᠪᠠ᠃ | ︽ᠭᠠᠯ ᠤᠨ ᠤᠴᠢ ᠠᠭᠤᠯᠠ ᠶᠢ ᠰᠢᠳᠠᠭᠠᠵᠦ ᠳᠡᠶᠢᠯᠳᠡᠭ᠂ ᠭᠠᠯ ᠲᠦᠢᠮᠡᠷ ᠢ ᠰᠡᠷᠭᠡᠶᠢᠯᠡᠬᠦ ᠨᠢ ᠪᠠᠭ᠎ᠠ | ᠶᠠᠪᠤᠳᠠᠯ ᠪᠢᠰᠢ᠂ ᠳᠡᠷᠡ ᠨᠢ ᠠᠮᠢ ᠠᠬᠤᠶ ᠳᠤ ᠬᠤᠯᠪᠣᠭᠳᠠᠬᠤ ᠪᠠᠷ ᠪᠠᠷᠠᠬᠤ ᠦᠭᠡᠢ ᠨᠠᠩ ᠴᠤ ᠠᠷᠠᠳ ᠤᠨ | ᠠᠮᠢᠳᠤᠷᠠᠯ ᠳᠤ ᠬᠤᠯᠪᠣᠭᠳᠠᠵᠦ ᠪᠠᠶᠢᠳᠠᠬ ᠁︾ ᠭᠡᠵᠦ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ | ᠳᠤᠪᠴᠢᠶ᠎ᠠ ᠶᠢᠨ ᠠᠷᠠᠳ ᠤᠨ ᠴᠠᠬᠳᠠᠭ᠎ᠠ ᠬᠠᠤᠯᠢ ᠳᠤᠬᠳᠠᠭᠠᠯ ᠠᠴᠠ ᠵᠦᠷᠢᠴᠡᠨ ᠭᠡᠭᠡᠷ᠎ᠠ ᠭᠠᠳᠠᠨ᠎ᠠ ᠭᠠᠯ ᠭᠡᠷᠡᠭᠯᠡᠭᠰᠡᠨ | ᠡᠳᠡᠭᠡᠳ ᠢ ᠢᠳᠬᠠᠨ ᠰᠤᠷᠭᠠᠨ᠎ᠠ᠃ ᠣᠶᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠬᠤᠯᠪᠤᠭ᠎ᠠ ᠳᠤᠳᠤᠭᠠᠳᠦ ᠶᠢ ᠬᠠᠮᠠᠭᠠᠯᠠᠬᠤ ᠰᠠᠯᠪᠤᠷᠢ᠂ ᠵᠡᠭᠡᠷᠭᠡᠨ᠎ᠠ ᠣᠢ ᠰᠢᠭᠤᠢ ᠶᠢᠨ | ᠳᠣᠲᠣᠭᠠᠳᠤ ᠶᠢ ᠬᠠᠮᠠᠭᠠᠯᠠᠬᠤ ᠰᠠᠯᠪᠤᠷᠢ ᠬᠡᠭᠡᠷ᠎ᠡ ᠭᠠᠳᠠᠨ᠎ᠠ ᠬᠠᠤᠯᠢ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ | ᠬᠤᠶᠠᠷ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠭᠡᠷᠡᠭ ᠲᠤ ᠬᠤᠯᠪᠤᠬᠳᠠᠬᠰᠠᠨ 4 ᠬᠦᠮᠦᠨ ᠳᠤ ᠵᠠᠰᠠᠭ ᠵᠠᠬᠢᠷᠭᠠᠨ ᠤ | ᠰᠢᠳᠭᠡᠯ ᠥᠭᠴᠡᠢ᠃ | ᠬᠠᠪᠤᠷ ᠤᠨ ᠤᠯᠠᠷᠢᠯ ᠤᠨ ᠤᠢ ᠰᠢᠭᠤᠢ ᠪᠠ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ | ᠵᠠᠩᠬᠢᠯᠠᠭ᠎ᠠ ᠶᠢᠨ ᠬᠤᠭᠤᠴᠠᠭ᠎ᠠ ᠤᠷᠤᠬᠰᠠᠨ ᠠᠴᠠ ᠨᠠᠭᠠᠰᠢ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ᠂ ᠡᠰᠢ | ᠰᠦᠷᠡᠯ ᠰᠢᠳᠠᠭᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠲᠣᠭᠲᠠᠭᠠᠯ ᠠᠴᠠ | ᠵᠥᠷᠢᠴᠡᠨ ᠭᠠᠯ ᠬᠡᠷᠡᠭᠯᠡᠵᠤ ᠪᠠᠶᠢᠭ᠎ᠠ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ ᠴᠡᠭᠴᠡᠯᠡᠨ ᠵᠠᠰᠠᠬᠰᠠᠨ ᠪᠠᠶᠢᠨ᠎ᠠ᠃ | ᠬᠡᠷᠡᠭ ᠢᠶᠠᠷ ᠳᠤᠯᠢ ᠪᠤᠯᠭᠠᠨ ᠬᠠᠤᠯᠢ ᠲᠠᠶᠢᠯᠪᠤᠷᠢᠯᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠤᠬᠠᠭᠤᠯᠭ᠎ᠠ ᠶᠢ | ᠴᠢᠩᠭᠠᠳᠬᠠᠨ᠂ ᠤᠯᠠᠨ ᠲᠦᠮᠡᠨ ᠤ ᠤᠢ ᠰᠢᠭᠤᠢ ᠪᠠ ᠨᠤᠳᠤᠬ ᠪᠡᠯᠴᠢᠭᠡᠷ ᠤᠨ ᠭᠠᠯ ᠤᠨ ᠭᠠᠮᠰᠢᠭ ᠤᠨ | ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠥᠷᠭᠡᠳᠭᠡᠵᠦ᠂ ᠴᠢᠩᠭ᠎ᠠ ᠴᠣᠬᠢᠯᠲᠠ ᠥᠭᠬᠦ᠂ ᠴᠢᠩᠭ᠎ᠠ | ᠰᠡᠷᠭᠡᠶᠢᠯᠡᠬᠦ᠂ ᠴᠠᠬ ᠳᠤᠬᠠᠢ ᠳᠤᠨᠢ ᠤᠨᠳᠠᠷᠠᠭᠠᠬᠤ ᠶᠢ ᠪᠡᠶᠡᠯᠡᠬᠦᠯᠵᠠᠢ᠃ | ᠬᠢᠩᠭᠠᠨ ᠠᠶᠢᠮᠠᠬ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠠᠮᠢ ᠠᠬᠤᠢ ᠶᠢᠨ ᠴᠠᠭᠳᠠᠭᠠᠨ ᠤ | ᠶᠠᠪᠤᠳᠠᠯ︾ ᠢᠶᠠᠷ ᠬᠥᠲᠥᠯᠦᠮᠵᠢ ᠪᠣᠯᠭᠠᠵᠤ᠂ ︽ᠬᠦᠮᠦᠨ ᠢᠶᠠᠷ ᠰᠡᠷᠭᠡᠶᠢᠯᠡᠬᠦ + ᠮᠡᠷᠭᠡᠵᠢᠯ ᠢᠶᠠᠷ ᠰᠡᠷᠭᠡᠶᠢᠯᠡᠬᠦ︾᠂ ︽ | ᠲᠣᠭᠤᠷᠢᠨ ᠪᠠᠶᠢᠴᠠᠭᠠᠬᠤ + ᠤᠬᠠᠭᠤᠯᠤᠨ ᠬᠥᠮᠦᠵᠢᠭᠦᠯᠬᠦ︾ ᠰᠡᠷᠭᠡᠶᠢᠯᠡᠨ ᠡᠵᠡᠮᠳᠡᠬᠦ ᠰᠢᠰᠲ᠋ᠧᠮ ᠢ ᠦᠷᠭᠦᠯᠵᠢᠯᠡᠨ | ᠲᠡᠭᠦᠯᠳᠡᠷᠵᠢᠭᠦᠯᠤᠨ᠂ ᠬᠠᠪᠤᠷ ᠤᠨ ᠤᠯᠠᠷᠢᠯ ᠤᠨ ᠤᠢ ᠰᠢᠭᠤᠢ ᠪᠠ ᠨᠤᠳᠤᠬ ᠪᠡᠯᠴᠢᠭᠡᠷ ᠤᠨ ᠲᠦᠢᠮᠡᠷ ᠢ ᠰᠡᠷᠭᠡᠶᠢᠯᠡᠬᠦ | ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠬᠠᠤᠯᠢ ᠳᠤᠬᠳᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ | ᠡᠷᠡᠰ ᠪᠠᠲᠤ ᠪᠠᠶᠢᠭᠤᠯᠵᠤ ᠪᠠᠶᠢᠨ᠎ᠠ᠃ ᡁᠢ ᠮᠢᠨ ᠬᠤᠨᠭ᠌ ᠮᠸᠢ ᠮᠡᠳᠡᠭᠡᠯᠡᠪᠡ | | | | |