ᠬᠢᠩᠭᠠᠨ ᠠᠶᠢᠮᠠᠭ ᠦᠨᠳᠦᠰᠦᠨ ᠱᠠᠳᠦᠨ ᠤ ᠵᠠᠰᠠᠯᠳᠠ ᠶᠢ ᠴᠢᠩᠭᠠᠳᠬᠠᠨ ᠠᠷᠠᠳ ᠤᠨ ᠬᠦᠴᠢᠷᠳᠡᠯ ᠢ ᠰᠶᠢᠳᠪᠤᠷᠢᠯᠡᠨ ᠦᠭᠴᠦ ᠪᠤᠢ
ᠨᠡᠶᠢᠲᠡᠯᠡᠭᠰᠡᠨ ᠴᠠᠭ᠄
2025/4/14
        ᠤᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠴᠢᠨᠠᠭᠰᠢᠳᠠ ᠥᠷᠭᠡᠳᠭᠡᠵᠦ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠤᠢᠢᠯᠠᠭᠠᠭᠳᠠᠬᠤᠨ ᠢ ᠬᠥᠮᠦᠰ ᠤᠨ ᠰᠡᠳᠭᠢᠯ ᠳᠤ ᠭᠦᠨ ᠬᠠᠳᠠᠩᠰᠢᠭᠤᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠢᠷᠤᠭ ᠲᠥᠰᠦᠪ ᠢ ᠵᠢᠷᠤᠭᠯᠠᠵᠠᠢ᠃        ᠣᠶᠢᠷ᠎ᠠ ᠳᠤ᠂ ᠤᠯᠠᠭᠠᠨᠬᠤᠲᠠ ᠶᠢᠨ ᠲᠢᠶᠠᠨ ᠶᠤᠸᠠᠨ ᠨᠡᠶᠢᠭᠡᠮ ᠲᠣᠭᠤᠷᠢᠭ ᠤᠨ ᠳᠤᠤᠷᠵᠢᠭᠤᠯᠤᠭᠴᠢ ᠮᠧᠩ ᠰᠢᠶᠠᠩ ᠹᠧᠩ ᠨᠢᠭᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠪᠣᠬᠢᠷ ᠤᠰᠤᠨ ᠬᠤᠭᠤᠯᠠᠶ ᠪᠦᠭᠯᠡᠷᠡᠭᠰᠡᠨ ᠢ ᠣᠯᠵᠤ ᠮᠡᠳᠡᠵᠡᠶ᠃ ᠲᠡᠷᠡ ᠳᠠᠷᠤᠢ ᠳᠤᠨᠢ ᠳᠡᠭᠡᠭᠰᠢ ᠮᠡᠳᠡᠭᠦᠯᠦᠭᠰᠡᠨ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠳᠠᠷᠤᠢ ᠲᠦᠷᠭᠡᠨ ᠬᠦᠳᠡᠯᠦᠯᠴᠡᠨ ᠬᠠᠭᠠᠰ ᠡᠳᠦᠷ ᠤᠨ ᠳᠣᠲᠣᠷ᠎ᠠ ᠤᠰᠤᠨ ᠬᠤᠭᠤᠯᠠᠢ ᠶᠢ ᠨᠡᠪᠲᠡᠷᠡᠭᠦᠯᠵᠦ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠪᠡᠳᠤᠯᠠᠪᠡ᠃        ᠬᠢᠩᠭᠠᠨ ᠠᠶᠢᠮᠠᠭ ᠭᠠᠵᠠᠷ ᠣᠷᠣᠨ ᠤ ᠣᠨᠴᠠᠯᠢᠭ ᠲᠠᠭᠠᠨ ᠰᠠᠭᠤᠷᠢᠯᠠᠵᠤ᠂ ᠬᠥᠮᠦᠨ ᠠᠮᠠ ᠶᠢᠨ ᠬᠡᠪᠴᠢᠶ᠎ᠠ᠂ ᠨᠠᠮ ᠤᠨ ᠭᠡᠰᠢᠭᠦᠨ ᠤ ᠲᠠᠷᠬᠠᠯᠲᠠ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠨᠡᠩ ᠨᠠᠷᠢᠯᠢᠬᠵᠢᠭᠤᠯᠵᠤ᠂ ᠨᠡᠩ ᠣᠨᠣᠴᠠᠲᠠᠢ ᠪᠤᠯᠭᠠᠵᠠᠢ᠃ ᠪᠥᠬᠦ ᠠᠶᠢᠮᠠᠭ ᠤᠨ 166 ᠨᠡᠶᠢᠭᠡᠮ ᠲᠣᠭᠤᠷᠢᠭ ᠤᠨ 851 ᠭᠠᠴᠠᠭ᠎ᠠ ᠲᠣᠰᠬᠤᠨ ᠳᠤ 4631 ᠳᠤᠤᠷᠵᠢᠭᠤᠯᠤᠭᠴᠢ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠶᠢᠨ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠥ᠂ ︽ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ — ᠳᠤᠤᠷᠵᠢᠭᠤᠯᠤᠭᠴᠢ ᠶᠢᠨ ᠨᠠᠮ ᠤᠨ ᠳᠤᠭᠤᠶᠢᠯᠠᠩ — ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ︾ ᠭᠡᠬᠦ ᠭᠤᠷᠪᠠᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠣᠶ ᠪᠣᠯᠭᠠᠵᠤ᠂ ᠨᠠᠮ ᠤᠨ ᠤᠳᠤᠷᠢᠳᠤᠯᠭ᠎ᠠ ᠶᠢ ᠦᠨᠳᠦᠰᠦᠨ ᠱᠠᠲᠤᠨ ᠤ ᠵᠠᠰᠠᠯᠲᠠ ᠶᠢᠨ ᠭᠤᠭᠴᠤᠭ᠎ᠠ ᠨᠢᠭᠡᠪᠦᠷᠢ ᠳᠤ ᠳᠤᠭᠤᠰᠢᠯᠠᠭᠤᠯᠬᠤ ᠶᠢ ᠦᠨᠡᠨ ᠬᠦ ᠪᠠᠲᠤᠯᠠᠵᠠᠢ᠃        ᠬᠢᠩᠭᠠᠨ ᠠᠶᠢᠮᠠᠭ ︽ᠰᠣᠩᠭᠤᠨ ᠤᠷᠢᠬᠤ ᠪᠠᠷ ᠭᠤᠤᠯ ᠪᠣᠯᠭᠠᠵᠤ᠂ ᠣᠯᠠᠨ ᠳᠠᠯ᠎ᠠ ᠪᠠᠷ ᠨᠥᠬᠦᠪᠥᠷᠢᠯᠡᠬᠦ᠂ ᠬᠡᠷᠡᠭᠴᠡᠭᠡ ᠪᠠᠷ ᠨᠢ ᠠᠵᠢᠯ ᠤᠨ ᠪᠠᠶᠢᠷᠢ ᠲᠣᠬᠢᠷᠠᠭᠤᠯᠬᠤ᠂ ᠠᠵᠢᠯ ᠤᠨ ᠪᠠᠶᠢᠷᠢ ᠳᠤᠨᠢ ᠵᠤᠬᠢᠴᠠᠭᠤᠯᠤᠨ ᠬᠥᠮᠦᠨ ᠲᠣᠬᠢᠷᠠᠭᠤᠯᠬᠤ︾ ᠵᠠᠷᠴᠢᠮ ᠶᠣᠰᠣᠭᠠᠷ᠂ ᠲᠤᠰᠬᠠᠶ ᠪᠠ ᠲᠤᠰᠢᠶᠠᠯ ᠬᠠᠪᠰᠤᠷᠭᠠᠭᠰᠠᠨ 8 ᠮᠢᠩᠭ᠎ᠠ ᠭᠠᠷᠤᠶ ᠳᠤᠤᠷᠵᠢᠭᠤᠯᠤᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠪᠠ᠃ ᠡᠲᠡᠭᠡᠷ ᠳᠤᠤᠷᠵᠢᠭᠤᠯᠤᠭᠴᠢ ᠨᠢ ᠡᠯᠪᠡᠭ ᠪᠠᠶᠠᠯᠢᠭ ᠲᠤᠷᠰᠢᠯᠭ᠎ᠠ ᠲᠠᠢ ᠨᠡᠶᠢᠭᠡᠮ ᠲᠣᠭᠤᠷᠢᠭ ᠤᠨ ᠠᠵᠢᠯᠲᠠᠨ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷ ᠵᠢᠴᠢ ᠬᠡᠪ ᠰᠤᠷᠲᠠᠯ ᠰᠠᠶᠢᠲᠠᠶ ᠴᠡᠷᠢᠭ ᠠᠴᠠ ᠬᠠᠯᠠᠭᠳᠠᠭᠰᠠᠳ ᠵᠡᠷᠭᠡ ᠪᠣᠶ᠂ ᠲᠠᠳᠠ ᠦᠨᠳᠦᠰᠦᠨ ᠱᠠᠲᠤᠨ ᠤ ᠡᠮᠤᠨ᠎ᠠ ᠹᠷᠣᠨᠲ ᠲᠤ ᠢᠳᠡᠪᠬᠢᠲᠡᠶ ᠠᠵᠢᠯᠯᠠᠵᠤ᠂ ᠰᠠᠭᠤᠭᠠᠯᠢ ᠠᠷᠠᠳ ᠤᠨ ᠰᠡᠳᠭᠢᠯ ᠢ ᠳᠤᠯᠠᠭᠠᠴᠠᠭᠤᠯᠤᠭᠴᠢ ᠪᠣᠯᠤᠭᠰᠠᠨ ᠪᠠᠶᠢᠨ᠎ᠠ᠃ ᠳᠤᠤᠷᠵᠢᠭᠤᠯᠤᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ᠂ ᠬᠢᠩᠭᠠᠨ ᠠᠶᠢᠮᠠᠭ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠢᠢᠨ ᠤᠳᠤᠷᠢᠳᠬᠤ ᠪᠠᠭ ᠤᠨ ᠭᠡᠰᠢᠭᠦᠨ ᠲᠠᠢ ᠰᠢᠭᠤᠳ ᠬᠠᠷᠢᠯᠴᠠᠬᠤ ᠳᠤᠤᠷᠵᠢᠭᠤᠯᠤᠭᠴᠢ ᠶᠢᠨ ᠲᠦᠷᠢᠮ ᠢ ᠪᠠᠶᠢᠭᠤᠯᠤᠭᠰᠠᠨ ᠪᠥᠭᠡᠳ ᠨᠥᠬᠦᠴᠡᠯ ᠳᠤ ᠨᠡᠶᠢᠴᠡᠬᠦ 116 ᠨᠡᠶᠢᠭᠡᠮ ᠲᠣᠭᠤᠷᠢᠭ ᠤᠨ ᠳᠤᠤᠷᠵᠢᠭᠤᠯᠤᠭᠴᠢ ᠶᠢ ᠲᠤᠰᠬᠠᠶ ᠬᠠᠮᠢᠶᠠᠷᠤᠯᠲᠠ ᠳᠤ ᠣᠷᠣᠭᠤᠯᠵᠤ᠂ ᠳᠤᠤᠷᠵᠢᠭᠤᠯᠤᠭᠴᠢ ᠪᠦᠬᠦᠨ ᠢ ᠬᠠᠮᠢᠶᠠᠷᠬᠤ ᠬᠥᠮᠦᠨ ᠲᠠᠢ ᠪᠤᠯᠭᠠᠨ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠴᠠᠬ ᠳᠤᠬᠠᠢ ᠳᠤᠨᠢ ᠰᠡᠶᠢᠳᠪᠤᠷᠢᠯᠡᠬᠦ ᠶᠢ ᠪᠠᠳᠤᠯᠠᠵᠠᠢ᠃        ᠡᠭᠦᠨ ᠤ ᠬᠠᠮᠲᠤ᠂ ᠣᠯᠠᠨ ᠲᠦᠮᠡᠨ ᠤ ᠥᠪᠡᠷᠲᠡᠭᠡᠨ ᠵᠠᠰᠠᠬᠤ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ ᠂ ᠬᠢᠩᠭᠠᠨ ᠠᠶᠢᠮᠠᠭ ᠵᠥᠪᠳᠡᠯᠴᠡᠬᠦ ᠪᠠ ᠬᠡᠷᠡᠭ ᠵᠥᠪᠯᠡᠬᠦ ᠲᠠᠪᠴᠠᠩ ᠢ ᠢᠳᠡᠪᠬᠢᠲᠡᠶ ᠪᠠᠶᠢᠭᠤᠯᠵᠤ᠂ ᠭᠠᠴᠠᠭ᠎ᠠ ᠲᠣᠰᠬᠤᠨ ᠤ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠪᠠ ᠨᠡᠶᠢᠭᠡᠮ ᠲᠣᠭᠤᠷᠢᠭ ᠤᠨ ᠬᠡᠷᠡᠭ ᠵᠥᠪᠯᠡᠬᠦ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠤᠷᠤᠯᠴᠠᠬᠤ ᠢᠳᠡᠪᠬᠢᠵᠢᠯ ᠢ ᠳᠠᠶᠢᠴᠢᠯᠠᠵᠠᠢ᠃ ︽ᠦᠭᠡ ᠪᠠᠶᠢᠪᠠᠯ ᠤᠯᠠᠨ ᠢᠶᠠᠷ ᠢᠶᠠᠨ ᠶᠠᠷᠢᠬᠤ︾ ᠵᠡᠷᠭᠡ ᠬᠡᠷᠡᠭ ᠵᠥᠪᠯᠡᠬᠦ ᠲᠠᠪᠴᠠᠩ ᠢ ᠰᠢᠨ᠎ᠡ ᠪᠠᠷ ᠡᠭᠦᠳᠴᠦ᠂ ᠤᠯᠠᠨ ᠲᠦᠮᠡᠨ ᠢ ᠥᠪᠡᠷ ᠤᠨ ᠬᠦᠷᠢᠶᠡᠨ ᠳᠡᠭᠡᠨ ᠶᠡᠭᠡ ᠶᠠᠪᠤᠳᠠᠯ ᠪᠠᠭ᠎ᠠ ᠤᠴᠢᠷ ᠢ ᠵᠥᠪᠯᠡᠵᠦ ᠴᠢᠳᠠᠬᠤ ᠪᠣᠯᠭᠠᠵᠤ᠂ ︽ᠤᠯᠠᠨ ᠤ ᠶᠠᠪᠤᠳᠠᠯ ᠢ ᠤᠯᠠᠨ ᠢᠶᠠᠷ ᠢᠶᠠᠨ ᠵᠥᠪᠯᠡᠵᠦ᠂ ᠤᠯᠠᠨ ᠢᠶᠠᠷ ᠢᠶᠠᠨ ᠲᠣᠭᠲᠠᠭᠠᠵᠤ᠂ ᠤᠯᠠᠨ ᠢᠶᠠᠷ ᠢᠶᠠᠨ ᠰᠢᠢᠳᠪᠦᠷᠢᠯᠡᠬᠦ︾ ᠶᠢ ᠦᠨᠡᠨᠬᠦ ᠪᠡᠶᠡᠯᠡᠭᠦᠯᠵᠠᠢ᠃ ᠣᠲᠣ ᠪᠣᠯᠲᠠᠯ᠎ᠠ᠂ ᠪᠥᠬᠦ ᠠᠶᠢᠮᠠᠭ ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ 1716 ᠤᠳᠠᠭ᠎ᠠ ᠬᠡᠷᠡᠭ ᠵᠥᠪᠯᠡᠵᠦ᠂ 1319 ᠲᠦᠪᠡᠭᠲᠡᠶ ᠠᠰᠠᠭᠤᠳᠠᠯ ᠢ ᠰᠢᠢᠳᠪᠦᠷᠢᠯᠡᠬᠦ ᠶᠢ ᠳᠥᠯᠭᠢᠨ ᠠᠬᠢᠭᠤᠯᠪᠠ᠃ ᠡᠭᠦᠨ ᠠᠴᠠ ᠭᠠᠳᠠᠨ᠎ᠠ ᠬᠢᠩᠭᠠᠨ ᠠᠶᠢᠮᠠᠭ ᠪᠠᠰᠠ ︽ᠬᠤᠪᠢ ᠬᠤᠷᠠᠮᠳᠤᠭᠤᠯᠬᠤ ᠬᠡᠲᠦ ᠳᠡᠯᠭᠡᠭᠦᠷ︾ ᠪᠠ ︽ᠬᠤᠪᠢ ᠬᠤᠷᠠᠮᠳᠤᠭᠤᠯᠬᠤ ᠪᠠᠩᠬᠢ︾ ᠶᠢᠨ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠭᠡᠮ ᠲᠣᠭᠤᠷᠢᠭ ᠤᠨ ᠠᠵᠢᠯᠯᠠᠭ᠎ᠠ᠂ ᠣᠯᠠᠨ ᠨᠡᠶᠢᠲᠡ ᠶᠢᠨ ᠬᠡᠷᠡᠭ ᠶᠠᠪᠤᠳᠠᠯ ᠵᠡᠷᠭᠡ ᠠᠵᠢᠯᠯᠠᠭ᠎ᠠ ᠳᠤ ᠣᠷᠣᠯᠴᠠᠬᠤ ᠶᠢ ᠬᠤᠪᠢ ᠬᠤᠷᠠᠮᠳᠤᠭᠤᠯᠬᠤ ᠬᠠᠮᠢᠶᠠᠷᠤᠯᠲᠠ ᠳᠤ ᠣᠷᠣᠭᠤᠯᠵᠤ᠂ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠶᠢ ᠬᠠᠮᠲᠤ ᠪᠠᠷ ᠠᠬᠢᠭᠤᠯᠵᠠᠢ᠃ ︵ᠨᠢᠩᠵᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号