ᠬᠢᠩᠭᠠᠨ ᠠᠶᠢᠮᠠᠭ ᠤᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠬᠤᠪᠸᠢ ᠮᠤᠵᠢ ᠳᠤ ᠬᠦᠷᠴᠦ ᠠᠵᠢᠯ ᠢᠶᠠᠨ ᠵᠤᠯᠭᠠᠭᠤᠯᠪᠠ
ᠨᠡᠶᠢᠲᠡᠯᠡᠭᠰᠡᠨ ᠴᠠᠭ᠄
2025/4/14
        ︽ᠵᠢᠷᠭᠤᠭᠠᠨ ᠠᠵᠢᠯᠯᠠᠭ᠎ᠠ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠣᠷᠣᠨ ᠪᠦᠰᠡ ᠶᠢᠨ ᠬᠠᠮᠵᠢᠯᠴᠠᠭ᠎ᠠ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠠᠵᠤ ᠠᠬᠤᠢ ᠶᠢᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 7 ᠠᠴᠠ 9 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠢ ᠱᠦᠨ ᠪᠦᠯᠬᠦᠮ ᠳᠠᠭᠠᠭᠤᠯᠤᠨ ᠬᠤᠪᠸᠢ ᠮᠤᠵᠢ ᠶᠢᠨ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ᠂ ᠭᠠᠵᠠᠷ ᠣᠷᠣᠨ ᠪᠣᠯᠤᠨ ᠠᠵᠤ ᠠᠬᠤᠶᠢᠯᠠᠯ ᠢᠶᠠᠷ ᠬᠦᠷᠴᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠵᠥᠪᠳᠡᠯᠴᠡᠵᠦ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠵᠡᠢ᠃ ᠠᠶᠢᠮᠠᠭ ᠤᠨ ᠤᠳᠤᠷᠢᠳᠤᠯᠭ᠎ᠠ ᠯᠢᠶᠠᠨ ᠳ᠋ᠦᠩ᠂ ᠬᠥ᠋ ᠯᠢ ᠮᠢᠨ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯ ᠢᠶᠠᠨ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ᠃        ᠦᠬᠠᠨ ᠶᠡᠭᠡ ᠰᠤᠷᠭᠠᠭᠤᠯᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠰᠤᠷᠭᠠᠭᠤᠯᠢ ᠶᠢᠨ ᠵᠠᠬᠢᠷᠤᠯ ᠵᠠᠩ ᠫᠢᠩ ᠸᠧᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠬᠢᠩᠭᠠᠨ ᠠᠶᠢᠮᠠᠭ ᠲᠤ ᠦᠬᠠᠨ ᠶᠡᠭᠡ ᠰᠤᠷᠭᠠᠭᠤᠯᠢ ᠶᠢᠨ ᠮᠡᠷᠭᠡᠵᠢᠯ ᠰᠢᠯᠵᠢᠭᠦᠯᠬᠦ ᠲᠥᠪ ᠤᠨ ᠰᠠᠯᠪᠤᠷᠢ ᠪᠠᠶᠢᠭᠤᠯᠤᠮᠵᠢ ᠪᠠᠶᠢᠭᠤᠯᠬᠤ᠂ ᠦᠬᠠᠨ ᠶᠡᠭᠡ ᠰᠤᠷᠭᠠᠭᠤᠯᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠥ ᠠᠵᠢᠯ ᠮᠡᠷᠭᠡᠵᠢᠯ ᠤᠨ ᠵᠢᠩᠬᠢᠨᠢ ᠠᠩᠬᠢ ᠶᠢᠨ ᠶᠡᠭᠡ ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠬᠦ᠂ ᠰᠤᠷᠭᠠᠭᠤᠯᠢ ᠶᠢᠨ ᠠᠨᠳᠠ ᠨᠠᠷ ᠤᠨ ᠠᠵᠤ ᠠᠬᠤᠢ ᠶᠢᠨ ᠰᠤᠳᠤᠯᠤᠨ ᠶᠠᠷᠢᠯᠴᠠᠬᠤ ᠬᠤᠷᠠᠯ ᠡᠷᠬᠢᠯᠡᠬᠦ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠯᠢ ᠤᠯᠠᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠠᠢ᠃ ᠬᠤᠶᠠᠷ ᠲᠠᠯ᠎ᠠ ᠪᠠᠷ ᠢᠶᠠᠨ ᠤᠳᠤ ᠶᠢᠨ ᠬᠠᠮᠲᠤᠷᠠᠯᠴᠠᠭ᠎ᠠ ᠶᠢᠨ ᠰᠠᠭᠤᠷᠢᠨ ᠳᠡᠭᠡᠷ᠎ᠡ ᠲᠠᠬᠢᠨ ᠭᠦᠨᠵᠡᠭᠡᠶᠢᠷᠡᠭᠦᠯᠵᠦ᠂ ᠲᠠᠬᠢᠨ ᠴᠢᠩᠭᠠᠳᠬᠠᠵᠤ᠂ ᠭᠤᠣᠯᠳᠠᠭᠤ ᠠᠮᠢᠳᠤ ᠪᠣᠳᠠᠰ ᠤᠨ ᠦᠷ᠎ᠡ ᠪᠤᠶᠢᠵᠢᠭᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠦᠬᠠᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠠᠨᠳᠠ ᠶᠢᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠨᠡᠩ ᠶᠡᠭᠡ ᠦᠷ᠎ᠡ ᠪᠦᠲᠦᠭᠡᠯ ᠣᠯᠵᠤ᠂ ᠴᠢᠨᠠᠷ ᠰᠠᠶᠢᠲᠠᠢ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠭᠡᠪᠡ᠃        ᠬᠤᠪᠸᠢ ᠮᠤᠵᠢ ᠶᠢᠨ ᠵᠢᠩᠮᠧᠨ ᠬᠤᠳᠠ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠵᠦᠩ ᠰᠢᠶᠠᠩ ᠬᠤᠳᠠ ᠶᠢᠨ ᠮᠥᠸᠧ ᠴᠸᠦ ᠲᠣᠰᠬᠤᠨ᠂ ᠭᠧ ᠯᠢᠨ ᠮᠧᠢ ᠰᠢᠨ᠎ᠠ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠴᠠᠩ ᠴᠧᠩ ᠮᠠᠰᠢᠨ ᠲᠡᠷᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠠᠰᠢᠭᠯᠠᠬᠤ᠂ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠪᠦᠯᠬᠦᠮ ᠪᠣᠯᠤᠨ ᠵᠢᠩᠮᠧᠨ ᠬᠤᠲᠠ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠶ ᠶᠠᠷᠢᠯᠴᠠᠨ ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠤᠯᠠᠨ ᠬᠦᠷᠢᠶᠡᠨ ᠤ ᠭᠦᠨᠵᠡᠭᠡᠢ ᠬᠠᠮᠲᠤᠷᠠᠯᠴᠠᠭ᠎ᠠ ᠶᠢ ᠥᠷᠭᠡᠳᠭᠡᠬᠦ᠂ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠤᠯᠵᠤ᠂ ᠳᠠᠷᠠᠭᠠᠴᠢ ᠶᠢᠨ ᠠᠯᠬᠤᠮ ᠳᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠰᠢᠨ᠎ᠡ ᠡᠨᠧᠷᠭᠢ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠢᠢ ᠦᠨᠡᠨ ᠬᠦ ᠪᠠᠬᠢᠵᠢᠭᠦᠯᠦᠨ ᠭᠦᠨᠵᠡᠭᠡᠶᠢᠷᠡᠭᠦᠯᠦᠨ᠎ᠡ ᠭᠡᠵᠡᠢ᠃        ᠠᠵᠢᠯᠯᠠᠭ᠎ᠠ ᠶᠢᠨ ᠬᠤᠭᠤᠴᠠᠭᠠᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠬᠤᠪᠸᠢ ᠮᠤᠵᠢ ᠳᠤ ᠶᠠᠪᠤᠭᠳᠠᠭᠰᠠᠨ ᠳᠣᠯᠣᠳᠤᠭᠠᠷ ᠬᠤᠭᠤᠴᠠᠭᠠᠨ ᠤ ᠳᠡᠯᠡᠬᠡᠢ ᠶᠢᠨ ᠶᠡᠭᠡ ᠡᠷᠡᠭᠦᠯ ᠮᠡᠨᠳᠦ ᠶᠢᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠭᠰᠠᠨ ᠪᠥᠭᠡᠳ ᠬᠢᠩᠭᠠᠨ ᠠᠶᠢᠮᠠᠭ ᠤᠨ ᠦᠵᠡᠰᠭᠦᠯᠡᠩ ᠤᠨ ᠣᠷᠳᠣᠨ ᠢᠶᠠᠷ ᠲᠣᠭᠤᠷᠢᠨ ᠪᠠᠶᠢᠴᠠᠭᠠᠵᠠᠢ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号