| 4 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠳᠤᠭᠤᠰᠢᠯᠠᠭᠤᠯᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠢᠴᠢᠶᠡᠯ ᠤᠨ ᠲᠠᠩᠬᠢᠮ ᠳᠤ | ᠳᠥᠴᠢᠨ ᠳᠥᠷᠪᠡᠳᠦᠭᠡᠷ ᠬᠤᠭᠤᠴᠠᠭᠠᠨ ᠤ ᠲᠤᠰᠬᠠᠶ ᠰᠡᠳᠦᠪᠲᠦ ᠲᠠᠶᠢᠯᠤᠮᠵᠢ ᠬᠢᠪᠠ᠃ ᠪᠡᠭᠡᠵᠢᠩ ᠬᠤᠳᠠ ᠶᠢᠨ ᠰᠢᠨ | ᠹᠠ ᠳ᠋ᠢ ᠲᠠᠷᠢᠶᠠᠯᠠᠩ ᠤᠨ ᠪᠦᠲᠦᠭᠡᠭᠳᠡᠬᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠵᠠᠩ ᠢᠦᠢ ᠰᠢ ︽ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠯᠲᠡ ᠶᠢᠨ ᠴᠢᠭᠯᠡᠯ | ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ | ᠬᠢᠵᠡᠢ᠃ ᠲᠠᠶᠢᠯᠤᠮᠵᠢ ᠶᠢᠨ ᠠᠭᠤᠯᠭ᠎ᠠ ᠪᠠᠶᠠᠯᠢᠭ᠂ ᠬᠡᠷᠡᠭ ᠤᠨ ᠵᠢᠱᠢᠶ᠎ᠡ ᠠᠮᠢᠳᠤᠯᠢᠭ ᠪᠠᠶᠢᠵᠤ᠂ ᠪᠥᠬᠦ ᠠᠶᠢᠮᠠᠭ ᠤᠨ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠣᠲᠣ ᠦᠶ᠎ᠡ ᠶᠢᠨ ᠮᠠᠯ ᠠᠵᠤ | ᠠᠬᠤᠶ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠭᠡᠬᠦ ᠳᠤ ᠪᠣᠳᠠᠲᠠᠶ ᠰᠡᠳᠭᠢᠮᠵᠢ ᠪᠠ | ᠯᠠᠪᠯᠠᠯᠲᠠ ᠬᠠᠩᠭᠠᠪᠠ᠃ | ᠬᠤᠷᠠᠯ ᠠᠴᠠ ᠴᠢᠩᠭᠠᠳᠬᠠᠬᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠲᠠᠶᠢᠯᠤᠮᠵᠢ ᠶᠢᠨ | ᠠᠭᠤᠯᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠠᠵᠢᠯ ᠤᠨ ᠦᠢᠯᠡᠳᠦᠯᠭᠡ ᠲᠠᠢ ᠤᠶᠠᠯᠳᠤᠭᠤᠯᠵᠤ᠂ ᠮᠠᠨ ᠤ | ᠠᠶᠢᠮᠠᠭ ᠤᠨ ᠴᠢᠨᠠᠷ ᠰᠠᠶᠢᠲᠠᠢ ᠤᠨᠴᠠᠯᠢᠬᠳᠤ ᠳᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠵᠤ ᠦᠢᠯᠡᠰ ᠤᠨ ᠬᠡᠯᠬᠢᠶ᠎ᠠ ᠶᠢ ᠪᠦᠷᠢᠨᠰᠢᠬᠦᠯᠵᠦ᠂ | ᠮᠠᠨ ᠤ ᠠᠶᠢᠮᠠᠭ ᠤᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠠᠬᠢᠨ ᠰᠢᠨ᠎ᠡ | ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠮᠠᠯ ᠠᠵᠤ ᠠᠬᠤᠢ ᠳᠠᠷᠢᠶᠠᠯᠡᠩ ᠮᠠᠯᠵᠢᠬᠤ | ᠳᠠᠷᠢᠶᠠᠯᠠᠬᠤ ᠤᠷᠤᠨ ᠮᠠᠯᠴᠢᠨ ᠳᠠᠷᠢᠶᠠᠴᠢᠨ︾ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ | ᠬᠡᠷᠡᠭᠲᠡᠢ ᠭᠡᠪᠡ᠃ | ᠲᠠᠶᠢᠯᠤᠮᠵᠢ ᠶᠢ ᠸᠢᠳᠢᠣ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠳᠠ ᠳᠤ ᠶᠠᠪᠤᠭᠳᠠᠭᠤᠯᠵᠠᠢ᠃ ︵ᠬᠠᠨ | ᠸᠧᠨ ᠪᠢᠨ︶ | |