| ᠡᠨᠡ ᠵᠢᠯ ᠤᠨ 4 ᠳ᠋ᠤᠭᠡᠷ ᠰᠠᠷ᠎ᠠ ᠪᠣᠯ 37 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠰᠠᠷ᠎ᠠ ᠪᠣᠯᠤᠨ᠎ᠠ᠃ 4 ᠰᠠᠷ᠎ᠠ ᠶᠢᠨ 7 ᠤ ᠡᠳᠦᠷ᠂ ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ 37 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠯᠠᠭᠠᠨᠬᠤᠲᠠ ᠶᠢᠨ ︽5 · 1︾ | ᠠᠭᠤᠳᠠᠮ ᠲᠠᠯᠠᠪᠠᠶ ᠳᠤ ᠶᠠᠪᠤᠭᠳᠠᠪᠠ᠃ | ᠠᠵᠢᠯᠯᠠᠭ᠎ᠠ ᠳᠤ᠂ ᠠᠶᠢᠮᠠᠭ ᠬᠤᠲᠠ ᠶᠢᠨ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠨ | ᠬᠤᠲᠠ ᠶᠢᠨ ᠠᠷᠠᠳ ᠲᠤ ᠠᠯᠪᠠᠨ ᠵᠢᠷᠤᠮ ᠤᠨ ᠡᠮᠴᠢᠯᠡᠭᠡ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠪᠠ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠪᠥᠬᠦ ᠠᠷᠠᠳ ᠤᠨ | ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠢ ᠬᠦᠭᠡᠭᠡᠴᠡᠯᠳᠤᠬᠦ ᠶᠢ ᠠᠬᠢᠭᠤᠯᠵᠤ᠂ ᠢᠳᠡᠭᠡᠨ ᠤᠮᠳᠠᠭᠠᠨ ᠤ ᠰᠠᠶᠢᠨ | ᠰᠠᠶᠢᠬᠠᠨ ᠳᠠᠳᠬᠠᠯ ᠪᠠ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠢ ᠪᠤᠢ ᠪᠤᠯᠭᠠᠬᠤ ᠶᠢ ᠰᠠᠨᠠᠭᠠᠴᠢᠯᠠᠵᠠᠢ᠃ | ︽ᠤᠯᠤᠰ ᠠᠴᠠ ᠪᠡᠶ᠎ᠠ ᠴᠢᠬᠢᠷᠠᠬᠵᠢᠭᠤᠯᠬᠤ᠂ ᠮᠠᠷᠢᠶ᠎ᠠ ᠰᠢᠭᠤᠷᠠᠭᠤᠯᠬᠤ ᠶᠢ ᠰᠠᠨᠠᠭᠠᠴᠢᠯᠠᠵᠤ ᠪᠠᠶᠢᠭ᠎ᠠ ᠨᠢ | ᠮᠠᠨᠤᠰ ᠢ ᠬᠦᠳᠤᠯᠤᠨ ᠵᠢᠯᠤᠭᠤᠳᠴᠦ ︿ᠭᠤᠷᠪᠠᠨ ᠥᠨᠳᠥᠷ﹀ ᠡᠪᠡᠳᠴᠢᠨ ᠢ ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃ | ᠪᠡᠶ᠎ᠠ ᠮᠠᠬᠠᠪᠤᠳ ᠡᠷᠡᠬᠦᠯ ᠴᠢᠬᠢᠷᠠᠬ ᠪᠤᠯ ᠠᠮᠢᠳᠤᠷᠠᠯ ᠨᠠᠩ ᠤᠳᠬ᠎ᠠ ᠠᠭᠤᠯᠭ᠎ᠠ ᠲᠠᠢ ᠪᠤᠯᠤᠨ᠎ᠠ︾ ᠭᠡᠵᠦ ᠬᠤᠲᠠ ᠶᠢᠨ | ᠠᠷᠠᠳ ᠵᠠᠩ ᠸᠧᠨ ᠬᠤᠸᠠ ᠶᠠᠷᠢᠵᠦ ᠪᠠᠶᠢᠯ᠎ᠠ᠃ | ᠲᠣᠰ ᠤᠳᠠᠭᠠᠨ ᠤ ᠠᠵᠢᠯᠯᠠᠭ᠎ᠠ ᠳᠤ᠂ ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠬᠢᠨ ᠡᠷᠡᠬᠦᠯ ᠬᠠᠮᠠᠭᠠᠯᠠᠯ ᠤᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 2000 | ᠬᠤᠪᠢ᠂ ᠤᠬᠠᠭᠤᠯᠭ᠎ᠠ ᠶᠢᠨ ᠡᠳ᠋ ᠪᠤᠳᠠᠰ ᠢ 1000 ᠬᠤᠪᠢ ᠲᠠᠷᠬᠠᠭᠠᠵᠤ᠂ ᠣᠯᠠᠨ ᠲᠦᠮᠡᠨ ᠢ ᠬᠥᠲᠥᠯᠦᠨ | ᠵᠢᠯᠣᠭᠤᠳᠴᠤ ᠪᠠᠶᠢᠭᠠᠳ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠤ ᠠᠵᠢᠯᠯᠠᠭ᠎ᠠ ᠶᠢᠨ | ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠭᠤᠯᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠤ | ᠳᠡᠭᠡᠭᠰᠢᠯᠡᠯᠲᠡ ᠶᠢ ᠠᠬᠢᠭᠤᠯᠪᠠ᠃ ᠬᠤᠸᠠᠩ ᠶᠠᠨ ᠮᠡᠳᠡᠭᠡᠯᠡᠪᠡ |