| 4 ᠰᠠᠷ᠎ᠠ ᠶᠢᠨ 9 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠮᠠ ᠮᠧᠩ ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠥᠪ ᠲᠤ ᠬᠦᠷᠴᠦ ︽ᠬᠠᠯᠠᠮᠰᠢᠯ ᠤᠲᠠᠰᠤ ᠶᠢ ᠲᠤᠰᠴᠤ᠂ ᠪᠣᠳᠠᠲᠤ | ᠶᠠᠪᠤᠳᠠᠯ ᠬᠢᠬᠦ︾ ᠠᠵᠢᠯᠯᠠᠭ᠎ᠠ ᠳᠤ ᠣᠷᠣᠯᠴᠠᠵᠤ᠂ ᠠᠵᠤ ᠠᠬᠤᠶᠢᠯᠠᠯ᠂ ᠣᠯᠠᠨ ᠲᠦᠮᠡᠨ ᠤ ᠲᠤᠰᠬᠠᠭᠰᠠᠨ ︽ | ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ | ᠮᠠ ᠮᠧᠩ ᠨᠡᠶᠢᠲᠡ ᠣᠯᠠᠨ ᠲᠦᠮᠡᠨ ᠤ ᠢᠷᠡᠭᠦᠯᠦᠭᠰᠡᠨ᠂ ᠣᠷᠣᠨ ᠰᠠᠭᠤᠴᠠ ᠶᠢᠨ ᠪᠠᠲᠤᠯᠠᠭ᠎ᠠ᠂ ᠵᠠᠮ | ᠬᠠᠷᠢᠯᠴᠠᠭ᠎ᠠ ᠶᠠᠪᠤᠵᠤ ᠰᠠᠭᠤᠬᠤ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ᠂ ᠬᠥᠳᠡᠯᠮᠦᠷᠢ ᠶᠢᠨ ᠪᠠᠲᠤᠯᠠᠭ᠎ᠠ ᠵᠡᠷᠭᠡ | ᠣᠯᠠᠨ ᠲᠠᠯ᠎ᠠ ᠳᠤ ᠬᠤᠯᠪᠣᠭᠳᠠᠬᠤ 22 ᠤᠲᠠᠰᠤ ᠶᠢ ᠲᠣᠰᠴᠠᠢ᠃ ᠬᠠᠯᠠᠮᠰᠢᠯ ᠤᠲᠠᠰᠤ ᠶᠢ ᠲᠣᠰᠬᠤ ᠪᠣᠯᠭᠠᠨ ᠮᠠ | ᠮᠧᠩ ᠤᠴᠢᠷ ᠶᠠᠪᠤᠳᠠᠯ ᠤᠨ ᠤᠴᠢᠷ ᠰᠢᠯᠲᠠᠭᠠᠨ ᠢ ᠨᠠᠷᠢᠨ ᠠᠰᠠᠭᠤᠨ ᠯᠠᠪᠯᠠᠵᠤ᠂ ᠲᠤᠬᠠᠢ ᠶᠢᠨ ᠬᠥᠮᠥᠨ ᠤ ᠬᠦᠰᠡᠯ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠦ ᠳᠡᠶᠢᠯᠬᠦ ᠶᠢ ᠨᠢ | ᠲᠤᠬᠠᠢ ᠶᠢᠨ ᠲᠠᠯᠠᠪᠤᠷ ᠲᠤᠨᠢ ᠬᠠᠷᠢᠭᠤᠯᠲᠠ ᠥᠭᠴᠡᠢ᠃ ᠤᠯᠠᠮ ᠨᠢᠭᠡ ᠠᠯᠬᠤᠮ ᠬᠢᠨᠠᠨ ᠬᠠᠷᠭᠤᠭᠤᠯᠵᠤ | ᠰᠢᠢᠳᠪᠦᠷᠢᠯᠡᠬᠦ ᠴᠢᠬᠤᠯᠠᠲᠠᠢ ᠪᠠᠶᠢᠪᠠᠯ᠂ ᠲᠤᠬᠠᠢ ᠶᠢᠨ ᠲᠠᠯᠠᠪᠤᠷ ᠲᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ | ᠲᠤᠰᠢᠶᠠᠨ ᠥᠭᠴᠦ ᠦᠳᠲᠡᠷ ᠲᠦᠷᠭᠡᠨ ᠮᠥᠷᠳᠡᠨ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠴᠦ | ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠵᠠᠢ᠃ | ᠳᠠᠷᠠᠭ᠎ᠠ ᠨᠢ᠂ ᠮᠠ ᠮᠧᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠠᠮᠲᠤ ᠪᠠᠷ ᠵᠥᠪᠳᠡᠯᠴᠡᠨ | ᠰᠤᠳᠤᠯᠤᠨ ᠮᠠᠭᠠᠳᠯᠠᠬᠤ ᠶᠢᠨ ᠬᠠᠮᠲᠤ ᠰᠢᠢᠳᠪᠦᠷᠢᠯᠡᠬᠦ ᠰᠠᠨᠠᠯ ᠢᠶᠠᠨ ᠳᠤᠷᠠᠳᠪᠠ᠃ ᠮᠠ ᠮᠧᠩ᠂ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠣᠯ ᠵᠠᠰᠠᠭ ᠤᠨ | ᠣᠷᠳᠣᠨ ᠤ ᠠᠵᠤ ᠠᠬᠤᠶᠢᠯᠠᠯ᠂ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠂ ᠵᠠᠰᠠᠭ ᠤᠨ | ᠣᠷᠳᠣᠨ ᠤ ᠠᠵᠢᠯ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠴᠢᠬᠤᠯᠠ | ᠠᠴᠢᠶᠠᠯᠠᠪᠤᠷᠢ ᠮᠥᠨ᠃ ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ | ᠪᠠᠲᠤ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠬᠠᠮᠵᠢᠯᠴᠠᠨ ᠬᠠᠮᠲᠤᠷᠠᠯᠴᠠᠵᠤ᠂ ᠦᠷ᠎ᠡ | ᠪᠦᠲᠦᠮᠵᠢ ᠶᠢ ᠮᠥᠷᠳᠡᠨ ᠠᠰᠠᠭᠤᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ | ᠬᠦᠴᠦᠨ ᠢ ᠪᠦᠷᠢᠯᠳᠦᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠣᠯᠤᠨ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠴᠠᠭᠠᠵᠠ ᠬᠠᠤᠯᠢ | ᠲᠣᠭᠲᠠᠭᠠᠯ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ᠲᠦᠪᠡᠭ ᠪᠤᠳᠤᠯᠢᠶᠠᠨᠲᠠᠢ | ᠠᠵᠢᠯ ᠤᠨ ᠬᠠᠭᠤᠳᠠᠰᠤ ᠶᠢ ᠰᠤᠳᠤᠯᠤᠨ ᠮᠠᠭᠠᠳᠯᠠᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠢ ᠲᠣᠳᠣᠷᠬᠠᠶᠢᠯᠠᠵᠤ᠂ | ᠦᠨᠡᠨ ᠬᠦ ᠪᠦᠲᠦᠮᠵᠢᠲᠡᠢ ᠰᠢᠢᠳᠪᠦᠷᠢᠯᠡᠬᠦ ᠲᠥᠰᠦᠯ ᠢ ᠳᠤᠷᠠᠳᠤᠨ ᠭᠠᠷᠭᠠᠵᠤ᠂ ᠬᠠᠯᠠᠮᠰᠢᠯ ᠤᠲᠠᠰᠤ ᠶᠢᠨ | ᠦᠢᠯᠡᠴᠢᠯᠡᠭᠡ ᠪᠠᠷ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠡᠶᠢᠲᠡᠯᠢᠭ ᠴᠢᠨᠠᠷᠲᠠᠢ | ᠠᠰᠠᠭᠤᠳᠠᠯ᠂ ᠬᠠᠯᠠᠮᠰᠢᠯ ᠠᠰᠠᠭᠤᠳᠠᠯ ᠢ ᠡᠷᠢᠨ ᠭᠠᠷᠭᠠᠵᠤ᠂ ᠵᠠᠳᠠᠯᠤᠨ ᠰᠤᠳᠤᠯᠬᠤ ᠪᠠᠨ ᠴᠢᠩᠭᠠᠳᠬᠠᠵᠤ᠂ ᠣᠨᠴᠠᠭᠠᠶ | ᠬᠡᠷᠡᠭ ᠢ ᠰᠢᠢᠳᠪᠦᠷᠢᠯᠡᠬᠦ ᠠᠴᠠ ᠠᠳᠠᠯᠢ ᠲᠥᠷᠥᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠶᠢ ᠪᠡᠶᠡᠯᠡᠭᠦᠯᠵᠦ | ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠤ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ | ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | | |