| 4 ᠰᠠᠷ᠎ᠠ ᠶᠢᠨ 9 ᠤ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ ᠳᠥᠴᠢᠨ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ | ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠨ | ᠶᠠᠷᠢᠶ᠎ᠠ ᠲᠠᠯᠪᠢᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠲᠥᠪ᠂ ᠣᠷᠣᠨ᠂ ᠠᠶᠢᠮᠠᠭ ᠤᠨ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ | ᠤᠯᠠᠭᠠᠨᠬᠤᠲᠠ ᠶᠢᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠨᠠᠷᠢᠨ | ᠳᠦᠷᠢᠮ︾᠂ ︽ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ 2025 ᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ︾ ᠢ ᠰᠤᠳᠤᠯᠤᠨ ᠬᠢᠨᠠᠨ ᠵᠥᠪᠯᠡᠪᠡ᠃ | ᠤᠯᠠᠭᠠᠨᠬᠤᠲᠠ ᠶᠢᠨ ᠵᠢᠭᠤᠯᠴᠢᠯᠠᠯ ᠤᠨ ᠦᠵᠡᠮᠵᠢ ᠶᠢᠨ ᠣᠷᠤᠨ ᠤ ᠰᠠᠭᠤᠷᠢ ᠲᠦᠬᠦᠭᠡᠷᠦᠮᠵᠢ ᠶᠢ ᠪᠦᠷᠢᠨᠰᠢᠭᠦᠯᠬᠦ | ᠲᠦᠷᠦᠯ ᠵᠦᠢᠯ ᠤᠨ ᠡᠳ᠋ ᠬᠥᠷᠦᠩᠭᠡ ᠶᠢ ᠬᠤᠪᠢᠶᠠᠷᠢᠯᠠᠨ ᠰᠢᠯᠵᠢᠭᠦᠯᠬᠦ᠂ ᠤᠯᠠᠭᠠᠨᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠾᠧ ᠫᠢᠩ ᠳᠣᠲᠣᠭᠠᠳᠤ ᠶᠢ ᠬᠠᠮᠠᠭᠠᠯᠠᠬᠤ ᠰᠠᠯᠪᠤᠷᠢ ᠶᠢᠨ ᠠᠯᠪᠠᠨ ᠬᠡᠷᠡᠭᠯᠡᠭᠡᠨ ᠤ ᠭᠡᠷ | ᠪᠠᠶᠢᠰᠢᠩ ᠢ ᠲᠣᠬᠢᠷᠠᠭᠤᠯᠬᠤ᠂ ᠤᠯᠠᠭᠠᠨᠬᠤᠲᠠ ᠶᠢᠨ ᠬᠤᠷᠢᠭᠤᠯ ᠤᠨ ᠭᠠᠵᠠᠷ ᠢ ᠨᠡᠭᠦᠯᠭᠡᠵᠦ ᠪᠠᠶᠢᠭᠤᠯᠬᠤ ᠲᠥᠷᠥᠯ | ᠵᠦᠢᠯ ᠢ ᠬᠡᠷᠡᠭᠵᠢᠭᠦᠯᠬᠦ᠂ ᠴᠡᠴᠡᠷᠯᠢᠭ ᠢ ᠨᠣᠭᠤᠭᠠᠷᠠᠭᠤᠯᠵᠤ ᠠᠷᠠᠴᠢᠯᠠᠨ ᠬᠠᠮᠠᠭᠠᠯᠠᠭᠴᠢ ᠶᠢ ᠬᠦᠯᠦᠰᠦᠯᠡᠬᠦ ᠪᠠ ᠪᠡᠯᠡ | ᠲᠣᠬᠢᠷᠠᠭᠤᠯᠵᠤ ᠲᠦᠷᠢᠶᠡᠰᠦᠯᠡᠬᠦ ᠵᠠᠭᠪᠤᠷ ᠢᠶᠠᠷ ᠤᠰᠤ ᠰᠠᠪᠠᠯᠠᠨ ᠭᠠᠯ ᠤᠨᠲᠠᠷᠠᠭᠠᠬᠤ ᠲᠡᠷᠭᠡ ᠬᠤᠳᠠᠯᠳᠤᠨ ᠠᠪᠬᠤ | ᠬᠠᠮᠢᠶ᠎ᠠ ᠪᠥᠬᠦᠶ ᠶᠠᠪᠤᠳᠠᠯ ᠢ ᠰᠤᠳᠤᠯᠪᠠ᠃ | ᠬᠤᠷᠠᠯ ᠠᠴᠠ᠂ ︽ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ 2025 ᠣᠨ ᠤ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ︾ ᠲᠤ ᠣᠷᠣᠭᠤᠯᠬᠤ | ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠲᠠᠰ ᠳᠠᠷᠠᠭᠠᠯᠠᠯ ᠤᠨ | ᠪᠣᠭᠤᠮᠲᠠ ᠵᠢᠴᠢ ᠬᠠᠤᠯᠢ ᠴᠠᠭᠠᠵᠠ ᠶᠢᠨ ᠵᠢᠯᠣᠭᠤᠳᠤᠯᠭ᠎ᠠ ᠶᠢᠨ ᠢ ᠰᠠᠶᠢᠲᠤᠷ ᠬᠢᠵᠦ᠂ ᠣᠯᠠᠨ ᠨᠡᠶᠢᠲᠡ ᠪᠠᠷ ᠢᠶᠠᠨ | ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠬᠤ ᠵᠡᠷᠭᠡ ᠶᠢ ᠬᠠᠤᠯᠢ ᠲᠣᠭᠲᠠᠭᠠᠯ ᠶᠣᠰᠣᠭᠠᠷ | ᠭᠦᠢᠴᠡᠳᠬᠡᠵᠦ᠂ ᠲᠠᠰ ᠳᠠᠷᠠᠭᠠᠯᠠᠯ ᠤᠨ ᠵᠦᠶ ᠵᠣᠬᠢᠰᠲᠠᠶ᠂ ᠶᠠᠪᠤᠴᠠ ᠶᠢ ᠢᠯᠡ ᠪᠣᠯᠭᠠᠬᠤ᠂ ᠬᠠᠷᠢᠭᠤᠴᠠᠯᠭ᠎ᠠ ᠶᠢ | ᠲᠣᠳᠣᠷᠬᠠᠶ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ | ᠬᠠᠷᠭᠤᠭᠤᠯᠤᠨ ᠪᠠᠶᠢᠴᠠᠭᠠᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ | ᠪᠥᠭᠡᠳ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠭᠥᠷᠳᠡᠬᠦ ᠶᠢ ᠦᠨᠡᠨ | ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠵᠠᠭᠤᠴᠢᠯᠠᠭᠤᠷ ᠤᠨ ᠲᠠᠪᠴᠠᠩ ᠢ ᠠᠰᠢᠭᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠵᠤ᠂ ᠣᠯᠠᠨ ᠵᠦᠢᠯ ᠤᠨ | ᠠᠷᠭ᠎ᠠ ᠮᠠᠶ᠋ᠢᠭ ᠢᠶᠠᠷ ᠳᠠᠮᠵᠢᠨ ᠤᠬᠠᠭᠤᠯᠭ᠎ᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | | | | | |