| 4 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠠᠨᠾᠦ᠋ᠢ ᠶᠢᠨ ᠰᠢᠤᠢ ᠾᠧ ᠴᠡᠪᠡᠷ | ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠩ ᠾᠧ ᠰᠢᠨ᠎ᠡ | ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠨᠠᠨᠵᠢᠩ︶ ᠤᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠭᠳᠠᠪᠠ᠃ ᠭᠤᠷᠪᠠᠨ ᠲᠠᠯ᠎ᠠ ᠪᠠᠷ ᠢᠶᠠᠨ ᠬᠡᠷᠡᠯᠴᠢ ᠴᠡᠨᠡᠭ᠂ | ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠬᠦ ᠵᠡᠷᠭᠡ ᠬᠦᠷᠢᠶᠡᠨ ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ | 200 ᠲᠦᠮᠡᠨ ᠺᠢᠯᠣᠸᠠᠲ ᠴᠠᠭ ᠤᠨ ᠡᠨᠧᠷᠭᠢ ᠬᠠᠳᠠᠭᠠᠯᠠᠬᠤ PACK ᠦᠢᠯᠡᠳᠪᠦᠷᠢᠯᠡᠯ ᠤᠨ ᠰᠠᠭᠤᠷᠢᠨ ᠭᠠᠵᠠᠷ | ᠪᠠ 200 ᠲᠦᠮᠡᠨ ᠺᠢᠯᠣᠸᠠᠲ ᠤᠨ ᠬᠡᠷᠡᠯᠴᠢ ᠴᠡᠨᠡᠭ N ᠬᠡᠯᠪᠡᠷᠢ ᠶᠢᠨ ᠲᠣᠨᠣᠭᠯᠠᠯ ᠤᠨ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠵᠤ᠂ ᠬᠢᠩᠭᠠᠨ | ᠠᠶᠢᠮᠠᠭ ᠤᠨ ᠬᠡᠷᠡᠯᠴᠢ ᠴᠡᠨᠡᠭ᠂ ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠬᠦ ᠠᠵᠤ ᠦᠢᠯᠡᠰ ᠤᠨ | ᠰᠢᠪᠲᠤᠯᠤᠯᠲᠠ ᠶᠢᠨ ᠴᠢᠨᠠᠷᠲᠠᠶ ᠬᠥᠭᠵᠢᠯᠲᠡ ᠶᠢ ᠠᠬᠢᠭᠤᠯᠬᠤ ᠪᠤᠯᠤᠨ᠎ᠠ᠃ | ᠲᠣᠰ ᠤᠳᠠᠭᠠᠨ ᠤ ᠬᠠᠮᠲᠤᠷᠠᠯᠴᠠᠭ᠎ᠠ ᠨᠢ ᠣᠷᠣᠨ ᠨᠤᠲᠤᠭ ᠤᠨ ᠠᠵᠤ ᠠᠬᠤᠶᠢᠯᠠᠯ ᠬᠡᠷᠡᠯᠴᠢ ᠴᠡᠨᠡᠭ᠂ | ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠬᠠᠮᠵᠢᠯᠴᠠᠨ ᠠᠬᠢᠭᠤᠯᠬᠤ ᠴᠢᠬᠤᠯᠠ | ᠠᠯᠬᠤᠮ ᠢ ᠠᠯᠬᠤᠭᠰᠠᠨ ᠢ ᠬᠠᠷᠠᠭᠤᠯᠵᠤ᠂ ᠬᠢᠩᠭᠠᠨ ᠠᠶᠢᠮᠠᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ ᠪᠣᠯᠤᠨ᠎ᠠ᠃ ︵ᠵᠠᠩ ᠸᠧᠶ ᠨᠠᠨ︶ | |