| 4 ᠰᠠᠷ᠎ᠠ ᠶᠢᠨ 11 ᠤ ᠡᠳᠦᠷ᠂ ᠪᠥᠬᠦ ᠠᠶᠢᠮᠠᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠠᠵᠢᠯ ᠤᠨ ᠲᠤᠯᠸᠢᠰ ᠤᠳᠠᠰᠦᠳᠤ ᠬᠤᠷᠠᠯ ᠬᠤᠷᠠᠯᠳᠤᠪᠠ᠃ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ | ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ | ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠯᠢᠶᠠᠨ ᠳ᠋ᠦᠩ ᠬᠤᠷᠠᠯ ᠢ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠥᠪ | ᠣᠨᠣᠴᠠᠳᠠᠢ ᠤᠯᠤᠰ ᠲᠦᠷᠦ ᠶᠢᠨ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ | ᠡᠷᠡᠰ ᠰᠠᠬᠢᠬᠤ ᠬᠡᠷᠡᠭᠲᠡᠢ᠃ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠮᠢᠨᠴᠦᠭᠦᠷᠡᠨ ᠰᠤᠯᠠᠷᠠᠬᠤ ᠦᠵᠡᠯ | ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠲᠡᠪᠴᠢᠵᠦ᠂ ᠠᠮᠤᠷ ᠲᠦᠪᠰᠢᠨ ᠤ ᠡᠨᠡᠬᠦ ᠬᠥᠪᠴᠢ ᠶᠢ ᠴᠠᠭ | ᠢᠮᠠᠭᠲᠠ ᠴᠢᠩᠭᠠᠯᠠᠬᠤ ᠬᠡᠷᠡᠭᠲᠡᠢ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠳᠠᠪᠤᠷᠢ ᠶᠢ ᠲᠡᠭᠡᠭᠰᠢᠯᠡᠬᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ | ᠲᠡᠬᠦᠯᠳᠡᠷᠵᠢᠬᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠪᠣᠯᠤᠨ ᠠᠪᠤᠷᠠᠨ ᠲᠤᠰᠠᠯᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠢ | ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠦᠨᠳᠦᠰᠦᠨ ᠠᠵᠢᠯ ᠢ ᠰᠠᠶᠢᠲᠤᠷ | ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠣᠨᠴᠠᠭᠠᠢ ᠴᠠᠭ ᠠᠭᠤᠷ ᠢ ᠠᠷᠭᠠᠴᠠᠭᠠᠬᠤ᠂ ᠤᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠵᠥ ᠭᠠᠯ ᠤᠨᠲᠠᠷᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠵᠢᠭᠠᠨ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠭᠠᠩ | ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠪᠡᠯᠡᠳᠭᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠭᠠᠩ | ᠬᠠᠭᠰᠠᠷᠠᠭᠠᠨ ᠲᠠᠢ ᠲᠡᠮᠡᠴᠡᠬᠦ ᠴᠠᠬᠢᠯᠭᠠᠨ ᠬᠤᠳᠳᠤᠭ ᠢ ᠪᠠᠶᠢᠴᠠᠭᠠᠬᠤ ᠪᠠ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠬᠡᠷᠡᠭᠵᠢᠬᠦᠯᠵᠦ᠂ ᠬᠦᠳᠡᠭᠡ ᠠᠵᠦ ᠠᠬᠤᠢ ᠶᠢᠨ | ᠵᠢᠯᠤᠭᠤᠳᠤᠯᠭ᠎ᠠ ᠶᠢ ᠴᠢᠩᠭᠠᠳᠬᠠᠵᠤ᠂ ᠪᠤᠷᠤᠭᠠᠨ ᠤᠷᠤᠭᠤᠯᠬᠤ ᠠᠵᠢᠯ ᠢ ᠴᠠᠭ ᠲᠤᠨᠢ ᠲᠤᠬᠢᠷᠠᠭᠤᠯᠤᠨ ᠦᠷᠨᠢᠬᠦᠯᠬᠦ | ᠬᠡᠷᠡᠭᠳᠡᠢ᠃ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠠᠶᠢᠷᠢ ᠶᠢ ᠵᠢᠭᠰᠠᠭᠠᠨ ᠪᠠᠶᠢᠴᠠᠭᠠᠬᠤ ᠶᠢ ᠪᠦᠬᠦ | ᠲᠠᠯ᠎ᠠ ᠪᠠᠷ ᠴᠢᠩᠭᠠᠳᠬᠠᠵᠤ᠂ ᠭᠤᠣᠯ ᠪᠣᠯᠬᠤ ᠬᠠᠰᠢᠯᠭ᠎ᠠ᠂ ᠡᠯ᠎ᠡ ᠲᠦᠷᠦᠯ ᠤᠨ ᠤᠰᠤᠨ ᠴᠥᠭᠦᠷᠥᠮ᠂ ᠭᠤᠣᠯ | ᠤᠷᠤᠰᠬᠠᠯ ᠤᠨ ᠡᠷᠬᠢᠨ ᠲᠣᠭᠤᠷᠢᠨ ᠤ ᠠᠶᠢᠯ ᠲᠣᠰᠬᠤᠨ᠂ ᠬᠤᠳᠠ ᠶᠢᠨ ᠬᠤᠲᠣᠭᠤᠷ ᠭᠠᠵᠠᠷ ᠵᠡᠷᠭᠡ ᠲᠦᠭᠰᠢᠭᠦᠷᠢᠲᠦ | ᠴᠡᠭ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ᠂ ᠵᠠᠩᠭᠢᠯᠠᠭ᠎ᠠ ᠶᠢᠨ ᠴᠡᠭ ᠤᠨ ᠳᠤᠲᠠᠭᠤᠳᠠᠯ ᠢ | ᠨᠥᠬᠦᠪᠥᠷᠢᠯᠡᠬᠦ ᠬᠡᠷᠡᠭᠲᠡᠢ᠃ ᠡᠯ᠎ᠡ ᠱᠠᠲᠤᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠥᠨᠳᠡᠯᠡᠨ ᠢᠶᠠᠷ ᠬᠤᠯᠪᠣᠭᠠᠯᠠᠨ ᠬᠥᠳᠡᠯᠦᠯᠴᠡᠬᠦ ᠪᠠ | ᠭᠤᠯᠳᠤ ᠪᠠᠷ ᠵᠣᠯᠭᠠᠭᠤᠯᠬᠤ ᠶᠢ ᠴᠢᠩᠭᠠᠳᠬᠠᠵᠤ᠂ ᠠᠵᠢᠯ ᠤᠨ ᠬᠠᠮᠳᠦ ᠶᠢᠨ ᠬᠦᠴᠦᠨ ᠢ ᠨᠢᠭᠲᠠᠷᠠᠭᠤᠯᠵᠤ᠂ ᠦᠶᠡᠷ ᠢ | ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ | ᠭᠡᠵᠡᠢ᠃ ︵ᠵᠠᠩ ᠴᠢᠶᠠᠩ︶ | | | | |