| ︵ᠰᠤᠷᠪᠤᠯᠵᠢᠯᠠᠭᠴᠢ ᠰᠡᠷᠬᠦᠯᠡᠩ︶ ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠤᠯᠠᠭᠠᠨᠬᠤᠳᠠ | ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ︽ᠪᠡᠶ᠎ᠡ ᠶᠢᠨ ᠬᠦᠨᠳᠤ ᠶᠢᠨ ᠬᠠᠮᠢᠶᠠᠷᠦᠯᠳᠠ ᠶᠢᠨ | ᠤᠨ︾ ᠤ ᠭᠤᠷᠪᠠᠨ ᠵᠢᠯ ᠤᠨ ᠠᠵᠢᠯᠯᠠᠭ᠎ᠠ ᠶᠢ ᠬᠦᠨᠵᠡᠬᠡᠢ ᠲᠤᠭᠤᠰᠢᠯᠠᠭᠤᠯᠵᠦ᠂ ᠡᠷᠡᠬᠦᠯ ᠮᠡᠨᠳᠤ ᠶᠢᠨ ᠮᠡᠳᠡᠯᠬᠡ ᠶᠢᠨ | ᠰᠠᠭᠤᠳᠠᠯ ᠤᠨ ᠬᠤᠷᠠᠯ ᠡᠷᠬᠢᠯᠡᠬᠦ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠬᠵᠢᠭᠤᠯᠬᠤ ᠲᠠᠯᠠᠪᠦᠷ ᠭᠠᠵᠠᠷ ᠤᠨ | ᠲᠦᠬᠦᠭᠡᠷᠦᠮᠵᠢ ᠶᠢ ᠲᠡᠬᠦᠯᠳᠡᠷᠵᠢᠬᠦᠯᠬᠦ᠂ ᠲᠤᠰᠬᠠᠢ ᠰᠠᠯᠠᠭᠠᠨ ᠤ ᠡᠬᠦᠳᠡᠨ ᠡᠮᠨᠡᠯᠬᠡ ᠲᠤᠬᠢᠷᠠᠭᠤᠯᠬᠤ ᠵᠡᠷᠭᠡ ᠠᠷᠭ᠎ᠠ ᠪᠠᠷ | ᠪᠦᠬᠦ ᠠᠷᠠᠳ ᠤᠨ ᠪᠡᠶ᠎ᠡ ᠶᠢᠨ ᠬᠦᠨᠳᠤ ᠶᠢᠨ ᠬᠠᠮᠢᠶᠠᠷᠦᠯᠳᠠ ᠶᠢᠨ ᠤᠬᠠᠮᠰᠠᠷ ᠪᠠ ᠤᠷ᠎ᠠ ᠮᠡᠷᠬᠡᠵᠢᠯ ᠢ ᠲᠡᠭᠡᠭᠰᠢᠯᠡᠬᠦᠯᠵᠦ᠂ | ᠬᠡᠳᠦᠷᠬᠡᠢ ᠮᠠᠷᠢᠶᠠᠯᠠᠬᠤ ᠶᠢ ᠤᠷᠢᠳᠴᠢᠯᠠᠨ ᠰᠡᠷᠬᠡᠶᠢᠯᠡᠬᠦ ᠪᠠ ᠡᠵᠡᠮᠳᠡᠵᠦ᠂ ᠰᠠᠭᠤᠭᠠᠯᠢ ᠠᠷᠠᠳ ᠤᠨ ᠡᠷᠡᠬᠦᠯ ᠮᠡᠨᠳᠤ ᠶᠢ | ᠰᠠᠬᠢᠨ ᠬᠠᠮᠠᠭᠠᠯᠠᠵᠦ᠂ ᠡᠷᠡᠬᠦᠯ ᠡᠩᠬᠡ ᠲᠤᠮᠳᠠᠳᠤ ᠤᠯᠤᠰ ᠤᠨ ᠪᠠᠶᠢᠭᠤᠯᠤᠯᠳᠠ ᠳᠤ ᠪᠠᠳᠦ ᠴᠢᠩᠭ᠎ᠠ ᠬᠦᠳᠡᠯᠭᠡᠭᠴᠢ | ᠬᠦᠴᠦᠨ ᠤᠯᠭᠤᠵᠦ ᠪᠤᠢ᠃ | ᠤᠶᠢᠷ᠎ᠠ ᠶᠢᠨ ᠡᠳᠦᠷ᠂ ᠤᠯᠠᠭᠠᠨᠬᠠᠳᠠ ᠪᠠᠯᠭᠠᠰᠦ ᠶᠢᠨ ᠭᠤᠤ ᠶᠢᠨ ᠠᠶᠢᠯ ᠭᠠᠴᠠᠭᠠᠨ ᠳᠤ᠂ ᠤᠯᠠᠭᠠᠨᠬᠠᠳᠠ | ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠡᠮᠴᠢᠯᠡᠬᠡᠨ ᠤ ᠠᠵᠢᠯᠳᠠᠳ ᠰᠠᠭᠤᠳᠠᠯ ᠤᠨ ᠬᠤᠷᠠᠯ ᠬᠢᠵᠦ᠂ ᠤᠯᠠᠨ | ᠲᠦᠮᠡᠨ ᠳᠤ ᠬᠡᠳᠦᠷᠬᠡᠢ ᠮᠠᠷᠢᠶᠠᠯᠠᠬᠤ ᠶᠢᠨ ᠬᠤᠤᠷ ᠬᠦᠨᠦᠬᠡᠯ ᠵᠢᠴᠢ ᠪᠡᠶ᠎ᠡ ᠶᠢᠨ ᠬᠦᠨᠳᠤ ᠪᠠᠨ ᠬᠠᠮᠢᠶᠠᠷᠬᠤ ᠶᠢᠨ | ᠢᠳᠡᠪᠬᠢᠳᠡᠢ ᠠᠴᠢ ᠬᠤᠯᠪᠤᠬᠳᠠᠯ ᠢ ᠲᠠᠶᠢᠯᠪᠦᠷᠢᠯᠠᠬᠰᠠᠨ ᠪᠦᠭᠡᠳ ᠪᠠᠰᠠ ᠢᠳᠡᠬᠡᠨ ᠤᠮᠳᠠᠭᠠᠨ ᠤ ᠪᠦᠳᠦᠴᠡ᠂ | ᠬᠦᠳᠡᠯᠬᠡᠬᠡᠨ ᠬᠢᠬᠦ ᠵᠢᠮ᠎ᠠ ᠶᠤᠰᠤ᠂ ᠰᠢᠨ᠎ᠠ ᠬᠠᠭᠤᠴᠢᠨ ᠤ ᠰᠤᠯᠢᠯᠴᠠᠭ᠎ᠠ ᠶᠢᠨ ᠤᠭ ᠶᠤᠰᠤ ᠵᠡᠷᠭᠡ ᠰᠢᠨᠵᠢᠯᠡᠬᠦ | ᠤᠬᠠᠭᠠᠨᠴᠢ ᠪᠠᠷ ᠮᠠᠷᠢᠶ᠎ᠠ ᠰᠢᠭᠤᠷᠠᠭᠤᠯᠬᠤ ᠠᠷᠭ᠎ᠠ ᠳᠤ ᠵᠠᠳᠠᠯᠦᠯᠳᠡ ᠬᠢᠵᠠᠢ᠃ | ᠤᠯᠠᠭᠠᠨᠬᠠᠳᠠ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠪᠡᠶ᠎ᠡ ᠶᠢᠨ ᠬᠦᠨᠳᠤ ᠶᠢᠨ ᠬᠠᠮᠢᠶᠠᠷᠦᠯᠳᠠ ᠶᠢᠨ | ᠡᠬᠦᠳᠡᠨ ᠡᠮᠨᠡᠯᠬᠡ ᠶᠢᠨ ᠡᠮᠴᠢ ᠵᠦ ᠸᠧᠨ ᠴᠠᠩ᠄ ︽ᠪᠢᠳᠡ ᠲᠤᠰ ᠤᠳᠠᠭᠠᠨ ᠤ ᠰᠠᠭᠤᠳᠠᠯ ᠤᠨ ᠬᠤᠷᠠᠯ ᠢᠶᠠᠷ | ᠲᠠᠮᠵᠢᠭᠤᠯᠤᠨ᠂ ᠤᠯᠠᠨ ᠲᠦᠮᠡᠨ ᠤ ᠪᠡᠶ᠎ᠡ ᠶᠢᠨ ᠬᠦᠨᠳᠤ ᠶᠢᠨ ᠬᠠᠮᠢᠶᠠᠷᠦᠯᠳᠠ ᠶᠢᠨ ᠤᠬᠠᠮᠰᠠᠷ ᠢ ᠦᠨᠡᠨ ᠬᠦ | ᠲᠡᠭᠡᠭᠰᠢᠯᠡᠬᠦᠯᠵᠦ᠂ ᠵᠢᠷᠦᠬᠡ ᠲᠠᠷᠢᠬᠢᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠠᠷᠬᠠᠭ | ᠡᠪᠡᠳᠴᠢᠨ ᠤ ᠬᠡᠳᠦᠷᠬᠡᠢ ᠡᠷᠳᠡ ᠡᠬᠦᠰᠬᠦ ᠲᠦᠭᠰᠢᠬᠦᠷᠢ ᠶᠢ ᠪᠦᠳᠦᠮᠵᠢᠳᠡᠢ ᠪᠠᠭᠠᠰᠬᠠᠵᠦ᠂ ᠪᠦᠬᠦ ᠨᠡᠶᠢᠬᠡᠮ ᠢᠶᠠᠷ ᠢᠶᠠᠨ | ᠪᠡᠶ᠎ᠡ ᠶᠢᠨ ᠬᠦᠨᠳᠤ ᠪᠠᠨ ᠠᠩᠬᠠᠷᠴᠦ᠂ ᠡᠷᠡᠬᠦᠯ ᠢᠶᠠᠷ ᠬᠤᠭᠤᠯᠠᠯᠠᠬᠤ᠂ ᠢᠳᠡᠪᠬᠢᠳᠡᠢ ᠪᠡᠶ᠎ᠡ ᠪᠤᠯᠪᠠᠰᠦᠷᠠᠭᠤᠯᠬᠤ | ᠰᠢᠯᠢᠳᠡᠭ ᠠᠭᠤᠷ ᠠᠮᠢᠰᠬᠤᠯ ᠢ ᠪᠤᠢ ᠪᠤᠯᠭᠠᠨ᠎ᠠ︾ ᠬᠡᠵᠦ ᠶᠠᠷᠢᠵᠦ ᠪᠠᠶᠢᠯ᠎ᠠ᠃ | ︽ᠪᠡᠶ᠎ᠡ ᠶᠢᠨ ᠬᠦᠨᠳᠤ ᠶᠢᠨ ᠬᠠᠮᠢᠶᠠᠷᠦᠯᠳᠠ ᠶᠢᠨ ᠤᠨ︾ ᠤ ᠠᠵᠢᠯᠯᠠᠭ᠎ᠠ ᠶᠢ ᠦᠷᠬᠦᠯᠵᠢᠯᠡᠨ | ᠠᠬᠢᠭᠤᠯᠬᠤ ᠶᠢ ᠲᠠᠭᠠᠯᠳᠤᠨ᠂ ᠡᠷᠡᠬᠦᠯ ᠰᠠᠷᠠᠭᠤᠯ ᠠᠮᠢᠳᠦᠷᠠᠯ ᠤᠨ ᠤᠶᠢᠯᠠᠭᠠᠬᠳᠠᠬᠤᠨ ᠢ ᠬᠦᠮᠦᠰ ᠤᠨ ᠰᠡᠳᠬᠢᠯ ᠳᠤ | ᠬᠠᠳᠠᠩᠰᠢᠭᠤᠯᠵᠦ ᠪᠤᠢ᠃ ᠴᠡᠴᠡᠷᠯᠢᠭ᠂ ᠠᠭᠤᠳᠠᠮ ᠲᠠᠯᠠᠪᠠᠢ ᠵᠡᠷᠭᠡ ᠨᠡᠶᠢᠳᠡ ᠶᠢᠨ ᠲᠠᠯᠠᠪᠦᠷ ᠭᠠᠵᠠᠷ ᠢᠶᠠᠷ ᠪᠡᠶ᠎ᠡ ᠪᠠᠨ | ᠪᠤᠯᠪᠠᠰᠦᠷᠠᠵᠦ ᠪᠠᠶᠢᠭ᠎ᠠ ᠬᠦᠮᠦᠨ ᠢᠯᠡᠷᠬᠡᠢ ᠨᠡᠮᠡᠭᠳᠡᠵᠦ ᠢᠷᠡᠯ᠎ᠡ᠃ | ᠤᠯᠠᠭᠠᠨᠬᠤᠳᠠ ᠶᠢᠨ ᠠᠷᠠᠳ ᠤᠨ ᠡᠮᠨᠡᠯᠬᠡ ᠶᠢᠨ ᠬᠤᠷᠢᠶ᠎ᠠ ᠤᠯᠤᠰ ᠤᠨ ︽ᠪᠡᠶ᠎ᠡ ᠶᠢᠨ ᠬᠦᠨᠳᠤ ᠶᠢᠨ | ᠬᠠᠮᠢᠶᠠᠷᠦᠯᠳᠠ ᠶᠢᠨ ᠤᠨ︾ ᠤ ᠤᠷᠢᠶᠠᠯᠠᠭ᠎ᠠ ᠶᠢ ᠢᠳᠡᠪᠬᠢᠳᠡᠢ ᠴᠤᠤᠷᠢᠶᠠᠳᠤᠨ ᠲᠠᠭᠠᠵᠦ᠂ ᠰᠢᠯᠢᠳᠡᠭ ᠡᠮᠴᠢᠯᠡᠬᠡᠨ ᠤ | ᠡᠬᠢ ᠪᠠᠶᠠᠯᠢᠬ ᠢ ᠨᠡᠶᠢᠳᠬᠡᠵᠦ᠂ ᠪᠡᠶ᠎ᠡ ᠶᠢᠨ ᠬᠦᠨᠳᠤ ᠶᠢᠨ ᠬᠠᠮᠢᠶᠠᠷᠦᠯᠳᠠ ᠶᠢᠨ ᠡᠬᠦᠳᠡᠨ ᠡᠮᠨᠡᠯᠬᠡ ᠲᠤᠬᠢᠷᠠᠭᠤᠯᠤᠨ᠂ | ᠲᠤᠳᠤᠭᠠᠳᠤ ᠱᠦᠬᠦᠷᠡᠯ ᠤᠨ ᠰᠠᠯᠠᠭ᠎ᠠ ᠳᠤ ᠲᠦᠰᠢᠭᠯᠡᠨ ᠲᠤᠰᠬᠠᠢ ᠮᠡᠷᠬᠡᠵᠢᠯ ᠤᠨ ᠪᠦᠯᠬᠦᠮ ᠪᠠᠶᠢᠭᠤᠯᠵᠦ᠂ ᠡᠬᠦᠳᠡᠨ | ᠡᠮᠨᠡᠯᠬᠡ ᠶᠢᠨ ᠠᠰᠠᠭᠤᠨ ᠯᠠᠪᠯᠠᠯᠳᠠ᠂ ᠪᠡᠶ᠎ᠡ ᠶᠢᠨ ᠡᠷᠡᠬᠦᠯ ᠮᠡᠨᠳᠤ ᠶᠢᠨ ᠪᠠᠶᠢᠴᠠᠭᠠᠯᠳᠠ ᠬᠢᠬᠦ᠂ ᠡᠷᠡᠬᠦᠯᠵᠢᠯ ᠤᠨ | ᠮᠦᠷᠳᠡᠨ ᠰᠤᠷᠪᠤᠯᠵᠢᠯᠠᠭ᠎ᠠ ᠵᠡᠷᠭᠡ ᠦᠢᠯᠡᠴᠢᠯᠡᠭᠡ ᠬᠠᠨᠭ᠍ᠭᠠᠬᠤ ᠪᠠᠷ ᠲᠠᠮᠵᠢᠭᠤᠯᠤᠨ᠂ ᠬᠡᠳᠦᠷᠬᠡᠢ ᠮᠠᠷᠢᠶᠠᠯᠠᠬᠤ᠂ ᠲᠠᠷᠭᠤᠨ | ᠵᠢᠴᠢ ᠬᠠᠮᠢᠶ᠎ᠠ ᠪᠦᠬᠦᠢ ᠠᠷᠬᠠᠭ ᠡᠪᠡᠳᠴᠢᠨ ᠲᠠᠢ ᠡᠪᠡᠳᠴᠢᠳᠡᠳ ᠲᠤ ᠦᠪᠡᠷᠮᠢᠴᠢᠯᠡᠭᠰᠡᠨ ᠤᠨᠤᠰᠢᠯᠠᠨ ᠵᠠᠰᠠᠬᠤ | ᠲᠦᠰᠦᠪ ᠲᠤᠬᠳᠠᠭᠠᠵᠦ᠂ ᠰᠠᠭᠤᠭᠠᠯᠢ ᠠᠷᠠᠳ ᠤᠨ ︽ᠡᠷᠡᠬᠦᠯ ᠴᠢᠬᠢᠷᠠᠭ ᠪᠡᠶ᠎ᠡ ᠶᠢᠨ ᠬᠦᠨᠳᠤ︾ ᠶᠢᠨ ᠬᠠᠷᠠᠯᠳᠠ ᠪᠠᠨ | ᠪᠡᠶᠡᠯᠡᠬᠦᠯᠬᠦ ᠳᠤ ᠬᠦᠴᠦᠨ ᠨᠡᠮᠡᠷᠢᠯᠡᠬᠦ ᠪᠤᠯᠤᠨ᠎ᠠ᠃ | ᠤᠯᠠᠭᠠᠨᠬᠤᠳᠠ ᠶᠢᠨ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠲᠠᠷᠤᠭ᠎ᠠ ᠶᠢᠨ ᠲᠤᠰᠠᠯᠠᠬᠴᠢ ᠸᠠᠩ ᠸᠧᠢ᠄ | ︽ᠪᠢᠳᠡ ︿ᠪᠡᠶ᠎ᠡ ᠶᠢᠨ ᠬᠦᠨᠳᠤ ᠶᠢᠨ ᠬᠠᠮᠢᠶᠠᠷᠦᠯᠳᠠ ᠶᠢᠨ ᠤᠨ﹀ ᠤ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠦ᠂ | ᠦᠢᠯᠡᠴᠢᠯᠡᠬᠡᠨ ᠤ ᠵᠠᠬᠪᠦᠷ ᠤᠨ ᠰᠢᠨ᠎ᠠ ᠶᠢ ᠡᠬᠦᠳᠴᠦ᠂ ᠲᠠᠪᠠᠭᠤᠯᠢᠭ ᠡᠬᠢ ᠪᠠᠶᠠᠯᠢᠭ ᠢᠶᠠᠨ ᠨᠡᠶᠢᠳᠬᠡᠵᠦ᠂ ᠪᠡᠶ᠎ᠡ ᠶᠢᠨ | ᠬᠦᠨᠳᠤ ᠶᠢᠨ ᠬᠠᠮᠢᠶᠠᠷᠦᠯᠳᠠ ᠶᠢᠨ ᠡᠬᠦᠳᠡᠨ ᠡᠮᠨᠡᠯᠬᠡ ᠪᠤᠯᠤᠨ ᠡᠮᠨᠡᠯᠬᠡ ᠶᠢᠨ ᠬᠤᠷᠢᠶ᠎ᠠ ᠶᠢᠨ ᠠᠷᠬᠠᠭ ᠡᠪᠡᠳᠴᠢᠨ ᠤ | ᠬᠠᠮᠢᠶᠠᠷᠦᠯᠳᠠ ᠶᠢᠨ ᠲᠦᠪ ᠤᠨ ᠬᠦᠨᠵᠡᠬᠡᠢ ᠠᠭᠤᠰᠤᠯᠴᠠᠯ ᠢ ᠠᠬᠢᠭᠤᠯᠵᠦ᠂ ︿ᠪᠡᠶ᠎ᠡ ᠶᠢᠨ ᠬᠦᠨᠳᠤ ᠶᠢᠨ ᠬᠠᠮᠢᠶᠠᠷᠦᠯᠳᠠ | — ᠠᠷᠬᠠᠭ ᠡᠪᠡᠳᠴᠢᠨ ᠢ ᠰᠡᠷᠬᠡᠶᠢᠯᠡᠨ ᠡᠵᠡᠮᠳᠡᠬᠦ — ᠡᠷᠡᠬᠦᠯᠵᠢᠯ ᠢ ᠮᠦᠷᠳᠡᠨ ᠰᠤᠷᠪᠤᠯᠵᠢᠯᠠᠬᠤ﹀ ᠶᠢ ᠨᠢᠬᠡ | ᠴᠤᠬᠴᠠᠵᠢᠭᠤᠯᠤᠬᠰᠠᠨ ᠵᠠᠬᠪᠦᠷ ᠢ ᠪᠤᠢ ᠪᠤᠯᠭᠠᠵᠦ᠂ ᠤᠯᠠᠨ ᠲᠦᠮᠡᠨ ᠤ ᠡᠷᠡᠬᠦᠯ ᠮᠡᠨᠳᠤ ᠶᠢ ᠰᠠᠬᠢᠨ ᠬᠠᠮᠠᠭᠠᠯᠠᠬᠤ | ᠪᠤᠯᠤᠨ᠎ᠠ︾ ᠬᠡᠵᠦ ᠶᠠᠷᠢᠵᠦ ᠪᠠᠶᠢᠯ᠎ᠠ᠃ | | | | |