ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠠᠩᠬᠢ ᠶᠢᠨ ᠠᠵᠢᠯᠳᠠᠳ ᠲᠤ ᠮᠡᠬᠡᠯᠡᠯ ᠢ ᠰᠡᠷᠬᠡᠶᠢᠯᠡᠬᠦ ᠤᠬᠠᠭᠤᠯᠭ᠎ᠠ ᠬᠢᠵᠠᠢ
ᠨᠡᠶᠢᠲᠡᠯᠡᠭᠰᠡᠨ ᠴᠠᠭ᠄
2025/4/15
          ᠴᠠᠬᠳᠠᠭ᠎ᠠ ᠪᠠᠩᠬᠢ ᠶᠢᠨ ᠬᠠᠮᠵᠢᠯᠴᠠᠭᠠᠨ ᠤ ᠲᠤᠬᠳᠠᠴᠠ ᠶᠢᠨ ᠪᠠᠶᠢᠭᠤᠯᠤᠯᠳᠠ ᠶᠢ ᠬᠦᠨᠵᠡᠬᠡᠶᠢᠷᠡᠬᠦᠯᠵᠦ᠂ ᠮᠦᠡᠭᠬᠦᠨ ᠬᠦᠢᠯᠬᠡᠬᠡᠨ ᠤ ᠰᠢᠰᠲ᠋ᠧᠮ ᠤᠨ ᠮᠡᠬᠡᠯᠡᠯ ᠢ ᠰᠡᠷᠬᠡᠶᠢᠯᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠳᠦᠮᠵᠢ ᠶᠢ ᠦᠨᠡᠨ ᠬᠦ ᠲᠡᠭᠡᠭᠰᠢᠯᠡᠬᠦᠯᠬᠦ ᠶᠢᠨ ᠲᠦᠯᠦᠬᠡ᠂ ᠤᠶᠢᠷ᠎ᠠ ᠳᠤ ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠢᠶᠠᠨ ᠵᠢᠶᠤᠤ ᠲᠤᠳᠤᠭᠠᠳᠤ ᠶᠢ ᠬᠠᠮᠠᠭᠠᠯᠠᠬᠤ ᠰᠠᠯᠪᠦᠷᠢ ᠶᠢᠨ ᠴᠠᠬᠳᠠᠭ᠎ᠠ ᠨᠠᠷ ᠲᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠢᠨᠭ᠍ᠭᠠᠨ ᠬᠤᠪᠢᠶᠠᠷᠢ ᠪᠠᠩᠬᠢ ᠳᠤ ᠬᠦᠷᠴᠦ᠂ ᠪᠠᠩᠬᠢ ᠶᠢᠨ ᠠᠵᠢᠯᠳᠠᠳ ᠲᠤ ᠮᠡᠬᠡᠯᠡᠯ ᠢ ᠰᠡᠷᠬᠡᠶᠢᠯᠡᠬᠦ ᠰᠠᠭᠤᠳᠠᠯ ᠤᠨ ᠬᠤᠷᠠᠯ ᠬᠢᠵᠦ ᠦᠭᠴᠡᠢ᠃          ᠰᠠᠭᠤᠳᠠᠯ ᠤᠨ ᠬᠤᠷᠠᠯ ᠳᠤ᠂ ᠠᠷᠠᠳ ᠤᠨ ᠴᠠᠬᠳᠠᠭ᠎ᠠ ᠠᠴᠠ ᠨᠡᠶᠢᠳᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠪᠠᠩᠬᠢ ᠶᠢᠨ ᠠᠵᠢᠯᠳᠠᠳ ᠲᠤ ᠮᠡᠬᠡᠯᠡᠯ ᠤᠨ ᠰᠡᠵᠢᠭᠳᠡᠨ ᠤ ᠰᠦᠯᠵᠢᠶᠡᠨ ᠤ ᠪᠠᠷᠠᠭ᠎ᠠ ᠬᠤᠳᠠᠯᠳᠤᠨ ᠠᠪᠤᠬᠰᠠᠨ ᠬᠡᠷᠡᠴᠢ ᠵᠤᠬᠢᠶᠠᠬᠤ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠠᠵᠢᠯᠳᠠᠨ ᠢᠶᠠᠷ ᠤᠪᠯᠠᠬᠤ᠂ ᠪᠡᠯᠡ ᠤᠷᠤᠭᠤᠯᠵᠦ ᠬᠦᠷᠦᠩᠭᠡ ᠡᠵᠡᠩᠨᠡᠬᠦ ᠵᠡᠷᠭᠡ ᠮᠡᠬᠡᠯᠡᠯ ᠤᠨ ᠠᠷᠭ᠎ᠠ ᠪᠠᠰᠢᠷ ᠪᠠ ᠠᠷᠭᠠᠴᠠᠭᠠᠬᠤ ᠤᠷ᠎ᠠ ᠮᠡᠷᠬᠡᠵᠢᠯ ᠢ ᠨᠠᠷᠢᠯᠢᠭ ᠲᠠᠶᠢᠯᠪᠦᠷᠢᠯᠠᠵᠦ᠂ ᠲᠦᠬᠦᠮ ᠤᠶᠢᠯᠠᠭᠠᠮᠵᠢᠳᠠᠢ ᠬᠡᠯᠡ ᠬᠡᠯᠡᠯᠬᠡ ᠪᠠᠷ ᠮᠡᠬᠡᠯᠡᠯ ᠤᠨ ᠰᠡᠵᠢᠭᠳᠡᠨ ᠤ ᠬᠡᠷᠡᠭ ᠦᠢᠯᠡᠳᠬᠦ ᠰᠡᠳᠬᠢᠮᠵᠢ ᠳᠤ ᠬᠦᠨᠵᠡᠬᠡᠢ ᠵᠠᠳᠠᠯᠦᠯᠳᠡ ᠬᠢᠵᠦ᠂ ᠲᠤᠳᠤᠷᠬᠠᠢ ᠦᠬᠡᠢ ᠬᠤᠯᠪᠤᠭᠠᠰᠦ ᠪᠠ ᠦᠯᠦ ᠲᠠᠨᠢᠬᠤ ᠤᠳᠠᠰᠦ ᠠᠴᠠ ᠬᠡᠷᠰᠡᠤᠯᠡᠬᠦ ᠬᠡᠷᠡᠭᠳᠡᠢ ᠭᠡᠵᠦ ᠰᠠᠨᠠᠭᠤᠯᠵᠠᠢ᠃ ᠡᠬᠦᠨ ᠠᠴᠠ ᠭᠠᠳᠠᠨ᠎ᠠ᠂ ᠠᠷᠠᠳ ᠤᠨ ᠴᠠᠬᠳᠠᠭ᠎ᠠ ᠪᠠᠰᠠ ᠤᠯᠠᠨ ᠲᠦᠮᠡᠨ ᠳᠤ ᠡᠳᠦᠷ ᠲᠤᠳᠤᠮ ᠤᠨ ᠮᠦᠡᠭᠬᠦᠨ ᠬᠦᠢᠯᠬᠡᠬᠡᠨ ᠤ ᠲᠤᠬᠠᠶᠢᠯᠠᠬᠰᠠᠨ ᠠᠵᠢᠯ ᠲᠤᠮᠳᠠ ᠮᠡᠬᠡᠯᠡᠯ ᠢ ᠬᠡᠷᠬᠢᠨ ᠢᠯᠭᠠᠨ ᠲᠠᠨᠢᠵᠦ ᠰᠡᠷᠬᠡᠶᠢᠯᠡᠬᠦ ᠲᠤᠬᠠᠢ ᠲᠠᠨᠢᠯᠴᠠᠭᠤᠯᠵᠦ᠂ ᠪᠠᠩᠬᠢ ᠠᠴᠠ ᠶᠡᠭᠡ ᠬᠡᠮᠵᠢᠶᠡᠨ ᠤ ᠵᠤᠭᠤᠰ ᠭᠤᠪᠢᠭᠤᠯᠬᠤ᠂ ᠬᠡᠪ ᠤᠨ ᠪᠤᠰᠤ ᠠᠷᠠᠯᠵᠢᠶ᠎ᠠ ᠶᠢ ᠬᠢᠨᠠᠨ ᠪᠠᠶᠢᠴᠠᠭᠠᠬᠤ ᠪᠠ ᠰᠠᠨᠠᠭᠤᠯᠬᠤ ᠲᠤᠬᠳᠠᠴᠠ ᠶᠢ ᠨᠠᠷᠢᠯᠢᠭ ᠲᠠᠶᠢᠯᠪᠦᠷᠢᠯᠠᠵᠦ᠂ ᠤᠯᠠᠨ ᠲᠦᠮᠡᠨ ᠵᠤᠭᠤᠰ ᠭᠤᠪᠢᠭᠤᠯᠬᠤ ᠦᠶᠡᠰ ᠡᠷᠬᠡᠪᠰᠢ ᠨᠦᠬᠦᠭᠡ ᠡᠳᠡᠭᠡᠳ ᠤᠨ ᠰᠤᠷᠠᠭ ᠵᠠᠩᠬᠢ ᠶᠢ ᠨᠠᠷᠢᠯᠢᠭ ᠬᠠᠷᠭᠤᠭᠤᠯᠵᠦ᠂ ᠮᠠᠳᠠᠭ ᠲᠠᠢ ᠪᠤᠯ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠴᠠᠭ ᠲᠤᠬᠠᠢ ᠳᠤᠨᠢ ᠬᠠᠷᠢᠯᠴᠠᠬᠤ ᠬᠡᠷᠡᠭᠳᠡᠢ ᠭᠡᠵᠦ ᠰᠠᠨᠠᠭᠤᠯᠵᠠᠢ᠃          ᠲᠤᠰ ᠤᠳᠠᠭᠠᠨ ᠤ ᠰᠠᠭᠤᠳᠠᠯ ᠤᠨ ᠬᠤᠷᠠᠯ ᠤᠨ ᠬᠡᠯᠪᠡᠷᠢ ᠪᠠᠷ ᠦᠷᠨᠢᠬᠦᠯᠦᠭᠰᠡᠨ ᠤᠬᠠᠭᠤᠯᠭ᠎ᠠ ᠪᠠᠷ ᠲᠠᠮᠵᠢᠭᠤᠯᠵᠦ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠺᠠᠳ᠋ᠷ ᠴᠠᠭᠳᠠᠭ᠎ᠠ ᠪᠠᠩᠬᠢ ᠶᠢᠨ ᠠᠵᠢᠯᠳᠠᠳ ᠤᠨ ᠮᠡᠬᠡᠯᠡᠯ ᠢ ᠢᠯᠭᠠᠨ ᠲᠠᠨᠢᠬᠤ ᠪᠠ ᠠᠷᠭᠠᠴᠠᠭᠠᠨ ᠰᠶᠢᠳᠪᠦᠷᠢᠯᠡᠬᠦ ᠴᠢᠳᠠᠪᠦᠷᠢ ᠶᠢ ᠦᠨᠡᠨᠬᠦ ᠲᠡᠭᠡᠭᠰᠢᠯᠡᠬᠦᠯᠵᠦ᠂ ᠺᠠᠳ᠋ᠷ ᠴᠠᠭᠳᠠᠭ᠎ᠠ ᠪᠠ ᠪᠠᠩᠬᠢ ᠶᠢᠨ ᠠᠵᠢᠯᠳᠠᠨ ᠤ ᠬᠤᠭᠤᠷᠤᠨᠳᠤᠬᠢ ᠬᠠᠷᠢᠴᠠᠭ᠎ᠠ ᠶᠢ ᠨᠢᠬᠳᠠᠷᠠᠭᠤᠯᠵᠠᠢ᠃          ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠢᠶᠠᠨ ᠵᠢᠶᠤᠤ ᠲᠤᠳᠤᠭᠠᠳᠤ ᠶᠢ ᠬᠠᠮᠠᠭᠠᠯᠠᠬᠤ ᠰᠠᠯᠪᠦᠷᠢ ᠶᠢᠨ ᠬᠠᠷᠢᠭᠤᠴᠠᠯᠭᠠᠳᠠᠨ᠄ ︽ᠲᠠᠷᠠᠭᠠᠴᠢ ᠪᠠᠷ᠂ ᠲᠢᠶᠠᠨ ᠵᠢᠶᠤᠤ ᠲᠤᠳᠤᠭᠠᠳᠤ ᠶᠢ ᠬᠠᠮᠠᠭᠠᠯᠠᠬᠤ ᠰᠠᠯᠪᠦᠷᠢ ᠬᠠᠷᠢᠶᠠᠳᠤ ᠤᠷᠤᠨ ᠤ ᠪᠠᠩᠬᠢ ᠶᠢᠨ ᠮᠦᠡᠭᠬᠦᠨ ᠬᠦᠢᠯᠬᠡᠬᠡᠨ ᠤ ᠪᠠᠶᠢᠭᠤᠯᠦᠮᠵᠢ ᠲᠠᠢ ᠬᠦᠨᠵᠡᠬᠡᠢ ᠬᠠᠮᠵᠢᠯᠴᠠᠭ᠎ᠠ ᠪᠠᠨ ᠦᠷᠬᠦᠯᠵᠢᠯᠡᠨ ᠬᠦᠨᠵᠡᠬᠡᠶᠢᠷᠡᠬᠦᠯᠵᠦ᠂ ᠮᠡᠬᠡᠯᠡᠯ ᠢ ᠰᠡᠷᠬᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠡᠭᠭᠤ ᠶᠢᠨ ᠴᠢᠨᠠᠷᠳᠠᠢ ᠦᠷᠨᠢᠬᠦᠯᠵᠦ᠂ ᠤᠬᠠᠭᠤᠯᠭ᠎ᠠ ᠶᠢᠨ ᠬᠡᠪᠴᠢᠶ᠎ᠡ ᠪᠠᠨ ᠦᠷᠭᠡᠳᠬᠡᠨ᠂ ᠤᠯᠠᠨ ᠲᠦᠮᠡᠨ ᠤ ᠡᠳ᠋ ᠬᠦᠷᠦᠩᠭᠡ ᠶᠢᠨ ᠠᠮᠦᠷ ᠲᠦᠪᠰᠢᠨ ᠢ ᠪᠠᠳᠤᠯᠠᠨ᠎ᠠ︾ ᠭᠡᠵᠠᠢ᠃ ︵ᠬᠠᠨ᠎ᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号